ᠠᠷᠤ ᠬᠦᠨᠳ᠋ᠡᠯᠡᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠪᠡᠯᠴᠢᠭᠡᠷᠯᠡᠭᠦᠯᠬᠦ ᠶᠢ ᠴᠠᠭᠠᠵᠠᠯᠠᠵᠦ ᠬᠠᠰᠢᠶᠡᠯᠡᠨ ᠲᠡᠵᠢᠭᠡᠬᠦ ᠠᠵᠢᠯ ᠳᠤ ᠬᠦᠴᠦᠨ ᠨᠡᠮᠡᠷᠢᠯᠡᠵᠦ ᠪᠠᠢ᠌ᠭ᠎ᠠ


ᠤᠢ᠌ᠷ᠎ᠠ ᠳᠤ᠂ ᠪᠡᠯᠴᠢᠭᠡᠷᠯᠡᠭᠦᠯᠬᠦ ᠶᠢ ᠴᠠᠭᠠᠵᠡᠯᠡᠨ᠂ ᠬᠠᠰᠢᠶᠡᠯᠡᠨ ᠲᠡᠵᠢᠭᠡᠬᠦ ᠶᠢ ᠲᠦ᠋ᠯᠬᠢᠨ ᠠᠬᠢᠭᠤᠯᠵᠤ᠂ ᠪᠦᠬᠦ ᠪᠠᠯᠭᠠᠰᠤᠨ ᠤ ᠠᠮᠢ ᠠᠬᠤᠢ ᠶᠢᠨ ᠣᠷᠴᠢᠨ ᠲᠤᠭᠤᠷᠢᠨ ᠢ ᠤᠯᠠᠮ ᠨᠢᠭᠡ ᠠᠯᠬᠤᠮ ᠰᠠᠢ᠌ᠳ᠋ᠤᠷ ᠬᠠᠮᠠᠭᠠᠯᠠᠬᠤ ᠶᠢᠨ ᠲᠥᠯᠦᠭᠡ᠂ ᠠᠷᠤ ᠬᠦᠨᠳ᠋ᠡᠯᠡᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠪᠡᠯᠴᠢᠭᠡᠷᠯᠡᠭᠦᠯᠬᠦ ᠶᠢ ᠴᠠᠭᠠᠵᠠᠯᠠᠵᠦ ᠬᠠᠰᠢᠶᠡᠯᠡᠨ ᠲᠡᠵᠢᠭᠡᠬᠦ ᠠᠵᠢᠯ ᠳᠤ ᠬᠦᠴᠦᠨ ᠨᠡᠮᠡᠷᠢᠯᠡᠵᠦ᠂ ᠨᠤᠳ᠋ᠤᠭ ᠪᠡᠯᠴᠢᠭᠡᠷ ᠦᠨ ᠠᠮᠢ ᠠᠬᠤᠢ ᠶᠢ ᠬᠠᠮᠠᠭᠠᠯᠠᠬᠤ᠂ ᠮᠠᠯᠴᠢᠨ ᠲᠠᠷᠢᠶᠠᠴᠢᠨ ᠤ ᠠᠮᠢᠳ᠋ᠤᠷᠠᠯ ᠢ ᠰᠠᠢ᠌ᠵᠢᠷᠠᠭᠤᠯᠬᠤ ᠪᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠦᠨ ᠬᠡᠯᠪᠡᠷᠢ ᠶᠢ ᠬᠤᠪᠢᠷᠠᠭᠤᠯᠬᠤ ᠶᠢ ᠨᠢᠭᠡᠳ᠋ᠦᠯᠳ᠋ᠠᠢ ᠲᠥᠯᠦᠪᠯᠡᠨ ᠠᠬᠢᠭᠤᠯᠵᠤ ᠪᠠᠢ᠌ᠨ᠎ᠠ᠃ (ᠯᠸᠢ ᠫᠠᠩ)