ᠣᠯᠠᠭᠠᠨᠬᠠᠳ᠋ᠠ ᠰᠤᠮᠤ ᠶᠢᠨ ᠠᠷᠠᠳ ᠤᠨ ᠲᠦ᠋ᠯᠦᠭᠡᠯᠡᠭ᠍ᠴᠢᠳ ᠬᠠᠦᠯᠢ ᠲᠦ᠋ᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠳᠤ ᠬᠦᠴᠦᠨ ᠨᠡᠮᠡᠷᠢᠯᠡᠵᠦ ᠪᠠᠢ᠌ᠭ᠎ᠠ



ᠤᠢ᠌ᠷ᠎ᠠ ᠳᠤ᠂ᠣᠯᠠᠭᠠᠨᠬᠠᠳ᠋ᠠ ᠰᠤᠮᠤ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ᠂ ᠬᠠᠦᠯᠢ ᠬᠡᠷᠡᠭ᠍ᠵᠢᠭᠦᠯᠬᠦ ᠲᠤᠪᠴᠢᠶ᠎ᠠ᠂ ᠲᠤᠮᠢᠯᠠᠭᠰᠠᠨ ᠰᠠᠯᠪᠣᠷᠢ᠂ ᠶᠡᠷᠦᠩᠬᠡᠢ᠌ᠯᠡᠭ᠍ᠰᠡᠨ ᠬᠠᠦᠯᠢ ᠬᠡᠷᠡᠭ᠍ᠵᠢᠭᠦᠯᠬᠦ ᠲᠤᠪᠴᠢᠶ᠎ᠠ ᠵᠡᠷᠭᠡ ᠰᠠᠯᠠᠭ᠎ᠠ ᠮᠦ᠋ᠴᠢᠷ ᠲᠡᠶ ᠬᠠᠮᠳ᠋ᠤᠷᠠᠨ ᠪᠦᠬᠦ ᠠᠷᠠᠳ ᠤᠨ ᠬᠠᠦᠯᠢ ᠲᠦ᠋ᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠲᠦ᠋ᠪᠯᠡᠷᠡᠭᠦᠯᠦᠨ ᠦᠷᠨᠢᠭᠦᠯᠵᠦ᠂ ᠬᠠᠦᠯᠢ ᠪᠠᠷ ᠵᠠᠰᠠᠬᠤ ᠰᠠᠢ᠌ᠨ ᠰᠠᠢ᠌ᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠢ ᠪᠣᠯᠭᠠᠪᠠ᠃ (ᠯᠸᠢ ᠫᠠᠩ)