ᠤᠳᠤ ᠶᠢᠨ ᠪᠠᠢ᠌ᠷᠢ᠄ ᠲᠦᠯᠤᠭᠡᠯᠡᠭᠴᠢ ᠶᠢᠨ ᠭᠡᠷ ᠪᠦᠯᠢ → ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ 《ᠭᠤᠷᠪᠠᠨ ᠵᠦ᠋ᠢᠯ ᠤᠨ ᠠᠷᠭ᠎ᠠ ᠠᠪᠴᠠᠯ》 ᠶᠢᠡᠷ ᠲᠦ᠋ᠯᠦᠭᠡᠯᠡᠭ᠍ᠴᠢᠳ ᠦᠨ ᠪᠣᠯᠪᠠᠰᠤᠷᠠᠯ ᠤᠨ ᠰᠢᠨ᠎ᠠ ᠭᠢᠯᠡᠰ ᠴᠡᠭ᠌ ᠢ ᠲᠤᠪᠤᠢ᠌ᠯᠭᠠᠪᠠ

       
       ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠰᠤᠷᠤᠯᠴᠠᠯᠭ᠎ᠠ ᠪᠣᠯᠪᠠᠰᠤᠷᠠᠯ ᠢ ᠠᠷᠠᠳ ᠤᠨ ᠲᠦ᠋ᠯᠦᠭᠡᠯᠡᠭ᠍ᠴᠢᠳ ᠦᠨ ᠲᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠦᠷᠢ ᠶᠢ ᠲᠡᠭᠡᠭ᠍ᠰᠢᠯᠡᠭᠦᠯᠬᠦ ᠶᠢᠡᠷ ᠭᠤᠤᠯᠳ᠋ᠠᠯᠭ᠎ᠠ ᠪᠣᠯᠭᠠᠨ᠂《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠳ᠋ᠦ ᠲᠦ᠋ᠰᠢᠭᠯᠡᠨ ᠪᠦᠬᠦ ᠪᠠᠯᠭᠠᠰᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠰᠤᠷᠤᠯᠴᠠᠯᠭ᠎ᠠ ᠰᠤᠯᠢᠯᠴᠠᠭᠠᠨ ᠤ ᠠᠵᠢᠯᠯᠠᠭ᠎ᠠ ᠦᠷᠨᠢᠭᠦᠯᠵᠦ᠂ ᠲᠦ᠋ᠯᠦᠭᠡᠯᠡᠭ᠍ᠴᠢᠳ ᠦᠨ ᠪᠣᠯᠪᠠᠰᠤᠷᠠᠯ ᠤᠨ ᠬᠡᠪ ᠵᠠᠬᠪᠤᠷ ᠢ ᠬᠦᠴᠦᠯᠡᠨ ᠰᠢᠨᠡᠴᠢᠯᠡᠵᠦ᠂ ᠲᠦ᠋ᠯᠦᠭᠡᠯᠡᠭ᠍ᠴᠢᠳ ᠦᠨ ᠪᠣᠯᠪᠠᠰᠤᠷᠠᠯ ᠤᠨ ᠥᠷ᠎ᠠ ᠪᠦᠳ᠋ᠦᠮᠵᠢ ᠶᠢ ᠲᠡᠭᠡᠭ᠍ᠰᠢᠯᠡᠭᠦᠯᠦᠨ᠂ ᠲᠦ᠋ᠯᠦᠭᠡᠯᠡᠭ᠍ᠴᠢᠳ ᠦᠨ ᠬᠠᠦᠯᠢ ᠶᠤᠰᠤᠭᠠᠷ ᠲᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳ᠋ᠦ ᠪᠠᠳ᠋ᠦ ᠪᠡᠬᠢ ᠦᠵᠡᠯ ᠰᠠᠨᠠᠭᠠᠨ ᠤ ᠰᠠᠭᠤᠷᠢ ᠶᠢ ᠲᠠᠯᠪᠢᠪᠠ᠃

        
        ᠲᠤᠰᠬᠠᠢ ᠰᠡᠳ᠋ᠦᠪᠳ᠋ᠦ ᠪᠣᠯᠪᠠᠰᠤᠷᠠᠯ ᠰᠤᠷᠤᠯᠴᠠᠯᠭ᠎ᠠ ᠶᠢ ᠠᠬᠢᠭᠤᠯᠪᠠ᠃ ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠪᠣᠯᠪᠠᠰᠤᠷᠠᠯ  ᠤᠨ ᠠᠭᠤᠯᠭ᠎ᠠ ᠪᠠ ᠠᠷᠭ᠎ᠠ ᠮᠠᠶ‍ᠢᠭ ᠲᠡᠭᠡᠷ᠎ᠠ ᠬᠦᠴᠦ ᠲᠠᠯᠪᠢᠬᠤ ᠶᠢ ᠢᠮᠠᠬᠲᠠ ᠪᠠᠷᠢᠮᠳ᠋ᠡᠯᠡᠨ᠂ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ᠂ ᠤᠯᠠᠨ ᠵᠦ᠋ᠢᠯ ᠦᠨ ᠬᠡᠯᠪᠡᠷᠢ ᠪᠡᠷ ᠤᠯᠤᠰ ᠲᠥᠷᠥ ᠶᠢᠨ ᠤᠨᠤᠯ ᠤᠨ ᠰᠤᠷᠤᠯᠴᠠᠯᠭ᠎ᠠ ᠶᠢ ᠦᠷᠨᠢᠭᠦᠯᠵᠦ᠂ ᠲᠦ᠋ᠯᠦᠭᠡᠯᠡᠭ᠍ᠴᠢᠳ ᠦᠨ ᠤᠯᠤᠰ ᠲᠥᠷᠥ ᠶᠢᠨ ᠤᠨᠤᠯ ᠤᠨ ᠬᠡᠪ ᠪᠣᠯᠪᠠᠰᠤᠷᠠᠯ ᠢ ᠲᠠᠰᠤᠷᠠᠯᠳ᠋ᠡ ᠦᠭᠡᠶ ᠲᠡᠭᠡᠭ᠍ᠰᠢᠯᠡᠭᠦᠯᠪᠡ᠃ ᠪᠣᠯᠪᠠᠰᠤᠷᠠᠯ ᠤᠨ ᠠᠷᠭ᠎ᠠ ᠮᠠᠶ‍ᠢᠭ ᠤᠨ ᠲᠠᠯ᠎ᠠ ᠪᠠᠷ᠂ ᠲᠦ᠋ᠪᠯᠡᠷᠡᠭᠦᠯᠦᠨ ᠰᠤᠷᠤᠯᠴᠠᠬᠤ ᠪᠠ ᠲᠠᠷᠠᠬᠠᠢ ᠰᠤᠷᠤᠯᠴᠠᠬᠤ᠂ ᠰᠦ᠋ᠯᠵᠢᠶᠡᠨ ᠲᠡᠭᠡᠷ᠎ᠠ ᠪᠠ ᠰᠦ᠋ᠯᠵᠢᠶᠡᠨ ᠭᠠᠳ᠋ᠠᠨ᠎ᠠ ᠰᠤᠷᠤᠯᠴᠠᠬᠤ ᠠᠷᠭ᠎ᠠ ᠮᠠᠶ‍ᠢᠭ ᠢ ᠠᠮᠢᠳ᠋ᠤᠯᠢᠭ ᠶᠢᠡᠷ ᠬᠡᠷᠡᠭᠯᠡᠬᠦ ᠶᠢ ᠴᠢᠬᠤᠯᠠᠴᠢᠯᠡᠨ᠂ ᠨᠢᠭᠤᠷᠳ᠋ᠡᠨ ᠵᠢᠭᠠᠬᠤ ᠪᠠ ᠰᠦ᠋ᠯᠵᠢᠶᠡᠨ ᠦ ᠵᠠᠭᠤᠴᠢᠯᠠᠭᠤᠷ ᠤᠨ ᠲᠤᠰ ᠲᠤᠰ ᠤᠨ ᠲᠠᠪᠠᠭᠤᠯᠢᠭ ᠢ ᠰᠠᠢ᠌ᠳ᠋ᠤᠷ ᠪᠠᠳ᠋ᠠᠷᠠᠭᠤᠯᠵᠤ᠂ ᠪᠣᠯᠪᠠᠰᠤᠷᠠᠯ ᠤᠨ ᠲᠠᠳ᠋ᠠᠬᠤ ᠬᠦᠴᠦᠨ ᠢ ᠨᠡᠮᠡᠭ᠍ᠳ᠋ᠡᠭᠦᠯᠦᠨ᠂ ᠲᠦ᠋ᠯᠦᠭᠡᠯᠡᠭ᠍ᠴᠢᠳ ᠦᠨ ᠰᠤᠷᠤᠯᠴᠠᠬᠤ ᠪᠡᠶᠡᠴᠢ ᠴᠢᠳ᠋ᠠᠮᠠᠭᠠᠢ ᠴᠢᠨᠠᠷ ᠢ ᠦᠨᠡᠨᠬᠦ ᠲᠡᠭᠡᠭ᠍ᠰᠢᠯᠡᠭᠦᠯᠪᠡ᠃

        


       
        ᠦᠢᠯᠡ ᠠᠵᠢᠯᠯᠠᠭ᠎ᠠ ᠶᠢ ᠦᠵᠡᠵᠦ ᠰᠤᠷᠤᠯᠴᠠᠯᠭ᠎ᠠ ᠶᠢ ᠠᠬᠢᠭᠤᠯᠪᠠ᠃ ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ  ᠤᠨ ᠲᠡᠷᠢᠭᠦᠯᠡᠭ᠍ᠴᠢᠳ ᠦᠨ ᠪᠦᠯᠬᠦᠮ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠪᠦᠬᠦ ᠤᠯᠤᠰ ᠤᠨ 12 ᠠᠷᠠᠳ ᠤᠨ ᠲᠦ᠋ᠯᠦᠭᠡᠯᠡᠭ᠍ᠴᠢ᠂ ᠪᠦᠬᠦ ᠤᠯᠤᠰ ᠤᠨ 5 ᠰᠢᠨ᠎ᠠ ᠪᠡᠷ ᠰᠤᠩᠭ᠋ᠤᠭᠳ᠋ᠠᠭᠰᠠᠨ ᠠᠷᠠᠳ ᠤᠨ ᠲᠦ᠋ᠯᠦᠭᠡᠯᠡᠭ᠍ᠴᠢ ᠪᠤᠯᠤᠨ ᠬᠤᠰᠢᠭᠤᠨ ᠱᠠᠳ᠋ᠤᠨ ᠤ 1 ᠠᠷᠠᠳ ᠤᠨ ᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠦᠯᠢᠭᠡᠷ ᠦᠨ ᠤᠬᠣᠷ ᠸᠢᠳᠢᠣ᠋ ᠶᠢ ᠦᠵᠡᠵᠦ᠂ ᠲᠦ᠋ᠯᠦᠭᠡᠯᠡᠭ᠍ᠴᠢᠳ ᠦᠨ ᠤᠯᠤᠰ ᠲᠥᠷᠥ ᠶᠢᠨ ᠤᠬᠠᠮᠰᠡᠷ ᠪᠠ ᠬᠠᠷᠢᠭᠤᠴᠠᠯᠭᠠᠳ᠋ᠤ ᠤᠬᠠᠮᠰᠡᠷ ᠢ ᠦᠨᠡᠨᠬᠦ ᠴᠢᠩᠭ᠋ᠠᠳᠬᠠᠨ᠂ ᠠᠷᠠᠳ ᠤᠨ ᠲᠦ᠋ᠯᠦᠭᠡᠯᠡᠭ᠍ᠴᠢ ᠶᠢᠨ ᠪᠠᠳ᠋ᠠᠷᠠᠭᠤᠯᠪᠠᠰᠤ ᠵᠤᠬᠢᠬᠤ ᠦᠢᠯᠡᠳ᠋ᠦᠯ ᠢ ᠰᠠᠢ᠌ᠳ᠋ᠤᠷ ᠪᠠᠳ᠋ᠠᠷᠠᠭᠤᠯᠪᠠ᠃

         
     ᠲᠤᠬᠠᠢ ᠶᠢᠨ ᠲᠠᠯᠠᠪᠤᠷ ᠢ ᠲᠤᠭᠤᠷᠢᠨ ᠦᠵᠡᠵᠦ ᠰᠤᠷᠤᠯᠴᠠᠯᠭ᠎ᠠ ᠶᠢ ᠠᠬᠢᠭᠤᠯᠪᠠ᠃ ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠠᠷᠠᠳ ᠤᠨ ᠲᠥᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠬᠢᠩᠭ᠋ᠠᠨ ᠠᠢ᠌ᠮᠠᠭ ᠤᠨ ᠬᠤᠷᠴᠢᠨ ᠪᠠᠷᠠᠭᠤᠨ ᠭᠠᠷᠤᠨ ᠲᠤᠮᠳ᠋ᠠᠳ᠋ᠤ ᠬᠤᠰᠢᠭᠤᠨ ᠤ ᠮᠤᠩᠭ᠋ᠤᠯ ᠦᠨᠳ᠋ᠦᠰᠦᠳ᠋ᠡᠨ ᠦ ᠬᠠᠳᠬᠤᠮᠠᠯ ᠶᠢᠡᠷ ᠶᠠᠳ᠋ᠠᠭᠤ ᠶᠢ ᠲᠡᠳᠭᠦᠬᠦ ᠠᠵᠤ ᠦᠢᠯᠡᠰ ᠦᠨ ᠰᠠᠭᠤᠷᠢᠨ ᠭᠠᠵᠠᠷ ᠪᠠ ᠵᠠᠷᠤᠳ ᠬᠣᠰᠢᠭᠤᠨ ᠤ ᠢᠳ᠋ᠡᠰᠢᠨ ᠮᠦ᠋ᠭᠦ ᠲᠠᠷᠢᠬᠤ ᠬᠣᠷᠰᠢᠶᠠᠵᠢᠯ ᠳᠤ ᠬᠦᠷᠴᠦ ᠲᠤᠬᠠᠢ ᠶᠢᠨ ᠲᠠᠯᠠᠪᠤᠷ ᠢ ᠲᠤᠭᠤᠷᠢᠨ ᠦᠵᠡᠬᠦ ᠪᠡᠷ ᠲᠠᠮᠵᠢᠨ᠂ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠢᠲᠡᠭᠡᠯ ᠢ ᠨᠡᠩ ᠪᠠᠲᠤᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠦᠳ᠋ᠡᠯᠭᠡᠭ᠍ᠴᠢ ᠬᠦᠴᠦᠨ ᠢ ᠴᠢᠩᠭ᠋ᠠᠳᠬᠠᠨ᠂ ᠲᠦ᠋ᠯᠦᠭᠡᠯᠡᠭ᠍ᠴᠢᠳ ᠦᠨ ᠬᠦᠬᠦᠷᠭᠡ ᠬᠤᠯᠪᠤᠭᠠᠰᠤ ᠶᠢᠨ ᠦᠢᠯᠡᠳ᠋ᠦᠯ ᠪᠠ ᠵᠢᠱᠢᠶᠡᠴᠢ ᠲᠠᠭᠠᠭᠤᠯᠤᠭᠴᠢ ᠦᠢᠯᠡᠳ᠋ᠦᠯ ᠢ ᠨᠡᠩ ᠰᠠᠢ᠌ᠳ᠋ᠤᠷ ᠪᠠᠳ᠋ᠠᠷᠠᠭᠤᠯᠬᠤ ᠶᠢ ᠠᠬᠢᠭᠤᠯᠪᠠ᠃ (ᠯᠸᠢ ᠫᠠᠩ)

ᠡᠮᠦᠨᠡᠬᠢ᠄ ᠣᠯᠠᠭᠠᠨᠬᠠᠳ᠋ᠠ ᠰᠤᠮᠤ ᠶᠢᠨ ᠠᠷᠠᠳ ᠤᠨ ᠲᠦ᠋ᠯᠦᠭᠡᠯᠡᠭ᠍ᠴᠢᠳ ᠬᠠᠦᠯᠢ ᠲᠦ᠋ᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠳᠤ ᠬᠦᠴᠦᠨ ᠨᠡᠮᠡᠷᠢᠯᠡᠵᠦ ᠪᠠᠢ᠌ᠭ᠎ᠠ
ᠳᠠᠷᠠᠭᠠᠬᠢ᠄ ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠲᠤᠮᠳ᠋ᠠᠲᠤ ᠶᠢᠨ ᠦᠨᠳ᠋ᠦᠰᠦᠳ᠋ᠡᠨ ᠦ ᠬᠠᠮᠳ᠋ᠤ ᠴᠤᠭᠴᠠ ᠶᠢᠨ ᠤᠬᠠᠮᠰᠡᠷ ᠢ ᠪᠠᠲᠤ ᠴᠤᠬᠴᠡᠯᠡᠵᠦ ᠤᠷᠠᠨ ᠪᠢᠴᠢᠯᠭᠡ ᠶᠢ ᠰᠤᠷᠭᠠᠭᠤᠯᠢ ᠶᠢᠨ ᠬᠦᠷᠢᠶᠡᠨ ᠳ᠋ᠦ ᠤᠷᠤᠭᠤᠯᠬᠤ ᠭᠣᠤᠯ ᠰᠡᠳ᠋ᠦᠪᠳ᠋ᠦ ᠠᠵᠢᠯᠯᠠᠭ᠎ᠠ ᠦᠷᠨᠢᠭᠦᠯᠪᠡ