ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠡᠨ ᠤ ᠲᠡᠳ᠋ ᠡᠷᠬᠢᠯᠡᠭ᠍ᠴᠢ ᠶᠡᠩ ᠵᠸᠨ ᠴᠢᠩ ᠦᠨᠡᠭᠡᠴᠢ ᠮᠠᠯᠵᠢᠯ ᠤᠨ ᠲᠠᠯᠠᠪᠠᠢ ᠶᠢᠨ ᠪᠠᠭ᠎ᠠ ᠰᠤᠷᠭᠠᠭᠤᠯᠢ ᠳᠤ ᠬᠦᠷᠴᠦ ᠪᠠᠢ᠌ᠴᠠᠭᠠᠨ ᠰᠤᠳ᠋ᠤᠯᠤᠯᠳ᠋ᠠ ᠦᠷᠨᠢᠭᠦᠯᠪᠡ

     ᠤᠢ᠌ᠷ᠎ᠠ ᠶᠢᠨ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠡᠩ ᠵᠸᠨ ᠴᠢᠩ ᠦᠨᠡᠭᠡᠴᠢ ᠮᠠᠯᠵᠢᠯ ᠤᠨ ᠲᠠᠯᠠᠪᠠᠢ ᠶᠢᠨ ᠪᠠᠭ᠎ᠠ ᠰᠤᠷᠭᠠᠭᠤᠯᠢ ᠳᠤ ᠬᠦᠷᠴᠦ ᠬᠣᠪᠢᠰᠬᠠᠯ ᠤᠨ ᠬᠦᠮᠦᠵᠢᠯ ᠦᠨ ᠰᠠᠭᠤᠷᠢᠨ ᠭᠠᠵᠠᠷ ᠤᠨ ᠠᠵᠢᠯ ᠦᠷᠨᠢᠭᠦᠯᠦᠭ᠍ᠰᠡᠨ ᠪᠠᠢ᠌ᠳ᠋ᠠᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠪᠡ᠃ ᠬᠤᠰᠢᠭᠤᠨ ᠤ ᠬᠤᠢ᠌ᠴᠢ ᠦᠶ᠎ᠠ ᠶᠢ ᠬᠠᠯᠠᠮᠵᠢᠯᠠᠬᠤ ᠵᠦ᠋ᠪᠯᠡᠯ ᠦᠨ ᠪᠠᠢ᠌ᠩᠭ᠋ᠤ ᠶᠢᠨ ᠡᠷᠬᠢᠯᠡᠭ᠍ᠴᠢ ᠰᠦ᠋ᠨ ᠷᠦ ᠴᠢᠦ ᠵᠢᠴᠢ ᠬᠣᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠦᠨ ᠬᠠᠷᠢᠭᠤᠴᠠᠯᠭᠠᠳ᠋ᠠᠨ ᠪᠠᠷ᠎ᠠ ᠪᠣᠯᠪᠠ᠃

       
         ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠲᠠᠨᠢᠯᠴᠠᠭᠤᠯᠭ᠎ᠠ ᠶᠢ ᠰᠤᠨᠤᠰᠬᠤ ᠵᠡᠷᠭᠡ ᠬᠡᠯᠪᠡᠷᠢ ᠪᠡᠷ ᠲᠠᠮᠵᠢᠨ᠂ ᠦᠨᠡᠭᠡᠴᠢ ᠮᠠᠯᠵᠢᠯ  ᠤᠨ ᠲᠠᠯᠠᠪᠠᠢ ᠶᠢᠨ ᠪᠠᠭ᠎ᠠ ᠰᠤᠷᠭᠠᠭᠤᠯᠢ ᠶᠢᠨ ᠯᠸᠢ ᠹᠸᠩ ᠦᠨ ᠤᠬᠠᠭᠤᠯᠭ᠎ᠠ ᠶᠢᠨ ᠰᠠᠭᠤᠷᠢᠨ ᠭᠠᠵᠠᠷ᠂ ᠬᠣᠪᠢᠰᠬᠠᠯ ᠤᠨ ᠬᠦᠮᠦᠵᠢᠯ ᠦᠨ ᠰᠠᠭᠤᠷᠢᠨ ᠭᠠᠵᠠᠷ ᠤᠨ ᠪᠦᠳ᠋ᠦᠭᠡᠨ ᠪᠠᠢ᠌ᠭᠤᠯᠤᠯᠳ᠋ᠠ ᠪᠠ ᠦᠢᠯᠡᠳ᠋ᠦᠯ  ᠢᠶᠡᠨ ᠪᠠᠳ᠋ᠠᠷᠠᠭᠤᠯᠤᠭᠰᠠᠨ ᠪᠠᠢ᠌ᠳ᠋ᠠᠯ ᠢ ᠨᠠᠷᠢᠨ ᠤᠢ᠌ᠯᠠᠭᠠᠪᠠ᠃

        
        ᠶᠡᠩ ᠵᠸᠨ ᠴᠢᠩ ᠡᠴᠡ᠂ ᠦᠨᠡᠭᠡᠴᠢ ᠮᠠᠯᠵᠢᠯ ᠤᠨ ᠲᠠᠯᠠᠪᠠᠢ ᠶᠢᠨ ᠪᠠᠭ᠎ᠠ ᠰᠤᠷᠭᠠᠭᠤᠯᠢ ᠬᠤᠪᠢᠰᠬᠠᠯ ᠤᠨ ᠬᠦᠮᠦᠵᠢᠯ ᠢ ᠲᠡᠭᠡᠳ᠋ᠦ ᠬᠡᠮᠵᠢᠶ᠎ᠠ ᠪᠡᠷ ᠴᠢᠬᠤᠯᠠᠴᠢᠯᠡᠨ᠂ ᠡᠯ᠎ᠠ ᠵᠦ᠋ᠢ᠌ᠯ ᠦᠨ ᠤᠬᠠᠭᠤᠯᠭ᠎ᠠ ᠬᠦᠮᠦᠵᠢᠯ ᠦᠨ ᠠᠵᠢᠯᠯᠠᠭ᠎ᠠ ᠪᠠᠷ ᠲᠠᠮᠵᠢᠭᠤᠯᠵᠤ᠂ ᠪᠠᠭᠰᠢ ᠰᠤᠷᠤᠭᠴᠢᠳ ᠲᠤ ᠨᠠᠮ ᠤᠨ ᠬᠤᠪᠢᠰᠬᠠᠯ ᠤᠨ ᠲᠡᠦᠬᠡ ᠰᠤᠶᠤᠯ ᠢ ᠭᠦᠢᠴᠡᠳ ᠤᠢ᠌ᠯᠠᠭᠠᠭᠤᠯᠤᠨ᠂ ᠤᠨᠴᠠᠭᠠᠢ᠌ᠯᠡᠨ ᠰᠤᠷᠤᠭᠴᠢᠳ ᠲᠤ ᠯᠸᠢ ᠹᠸᠩ ᠨᠦ᠋ᠬᠦᠷ ᠦᠨ ᠰᠢᠷᠭᠠᠭᠤ ᠬᠠᠳ᠋ᠠᠭᠤᠵᠢᠯᠳ᠋ᠠᠢ ᠲᠡᠮᠡᠴᠡᠬᠦ ᠬᠤᠪᠢᠰᠬᠠᠯᠳ᠋ᠦ ᠵᠠᠩ ᠮᠤᠷᠠᠯ ᠢ ᠭᠤᠤᠯᠳ᠋ᠠᠯᠭ᠎ᠠ ᠲᠡᠶ ᠬᠦᠮᠦᠵᠢᠭᠦᠯᠵᠦ᠂ ᠪᠣᠳ᠋ᠠᠳ᠋ᠤ ᠠᠵᠢᠯᠯᠠᠭ᠎ᠠ ᠪᠠᠷ ᠶᠢᠡᠨ ᠬᠤᠪᠢᠰᠬᠠᠯ ᠤᠨ ᠬᠦᠮᠦᠵᠢᠯ ᠢ ᠦᠢᠯᠡᠳ᠋ᠦᠯᠭᠡᠵᠢᠭᠦᠯᠬᠦ ᠬᠡᠷᠡᠭ᠍ᠲᠡᠢ ᠭᠡᠵᠦ ᠴᠢᠩᠭ᠋ᠠᠳᠬᠠᠪᠠ᠃ (ᠯᠸᠢ ᠫᠠᠩ)

ᠡᠮᠦᠨᠡᠬᠢ᠄ ᠵᠠᠷᠤᠳ ᠬᠣᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠣᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠲᠡᠶ ᠰᠤᠷᠪᠣᠯᠵᠢᠯᠡᠨ ᠬᠠᠷᠢᠯᠴᠠᠬᠤ ᠠᠵᠢᠯᠯᠠᠭ᠎ᠠ ᠦᠷᠨᠢᠭᠦᠯᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠬᠤᠩᠬᠠᠳ᠋ᠤ ᠪᠠᠯᠭᠠᠰᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠠᠬᠤ ᠠᠵᠢᠯᠯᠠᠭ᠎ᠠ ᠦᠷᠨᠢᠭᠦᠯᠪᠡ