ᠤᠳᠤ ᠶᠢᠨ ᠪᠠᠢ᠌ᠷᠢ᠄ ᠲᠦᠯᠤᠭᠡᠯᠡᠭᠴᠢ ᠶᠢᠨ ᠭᠡᠷ ᠪᠦᠯᠢ → ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠲᠤᠮᠳ᠋ᠠᠲᠤ ᠶᠢᠨ ᠦᠨᠳ᠋ᠦᠰᠦᠳ᠋ᠡᠨ ᠦ ᠬᠠᠮᠳ᠋ᠤ ᠴᠤᠭᠴᠠ ᠶᠢᠨ ᠤᠬᠠᠮᠰᠡᠷ ᠢ ᠪᠠᠲᠤ ᠴᠤᠬᠴᠡᠯᠡᠵᠦ ᠤᠷᠠᠨ ᠪᠢᠴᠢᠯᠭᠡ ᠶᠢ ᠰᠤᠷᠭᠠᠭᠤᠯᠢ ᠶᠢᠨ ᠬᠦᠷᠢᠶᠡᠨ ᠳ᠋ᠦ ᠤᠷᠤᠭᠤᠯᠬᠤ ᠭᠣᠤᠯ ᠰᠡᠳ᠋ᠦᠪᠳ᠋ᠦ ᠠᠵᠢᠯᠯᠠᠭ᠎ᠠ ᠦᠷᠨᠢᠭᠦᠯᠪᠡ

       
       ᠤᠢ᠌ᠷ᠎ᠠ ᠶᠢᠨ ᠡᠳ᠋ᠦᠷ᠂ ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠤᠷᠠᠨ ᠪᠢᠴᠢᠯᠭᠡ ᠳ᠋ᠦ ᠪᠠᠬᠠᠲᠠᠢ ᠬᠡᠰᠡᠭ᠌ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ᠂ ᠰᠢᠶᠠᠩᠱᠠᠨ ᠪᠠᠯᠭᠠᠰᠤᠨ ᠤ ᠭᠣᠤᠯ ᠪᠠᠭ᠎ᠠ ᠰᠤᠷᠭᠠᠭᠤᠯᠢ ᠪᠠ ᠰᠢᠶᠠᠩᠱᠠᠨ ᠲᠣᠮᠳ᠋ᠠᠳ᠋ᠤ ᠰᠤᠷᠭᠠᠭᠤᠯᠢ ᠳᠤ ᠬᠦᠷᠴᠦ᠂ 《ᠲᠤᠮᠳ᠋ᠠᠳ᠋ᠤ ᠶᠢᠨ ᠦᠨᠳ᠋ᠦᠰᠦᠳ᠋ᠡᠨ ᠦ ᠬᠠᠮᠳ᠋ᠤ ᠴᠤᠭᠴᠠ ᠶᠢᠨ ᠤᠬᠠᠮᠰᠡᠷ ᠢ ᠪᠠᠲᠤ ᠴᠤᠬᠴᠡᠯᠡᠵᠦ᠂ ᠲᠤᠮᠳ᠋ᠠᠳ᠋ᠤ ᠶᠢᠨ ᠰᠢᠯᠢᠳ᠋ᠡᠭ᠌ ᠤᠯᠠᠮᠵᠢᠯᠠᠯᠳ᠋ᠤ ᠰᠤᠶᠤᠯ ᠢ ᠤᠯᠠᠮᠵᠢᠯᠡᠨ ᠵᠠᠯᠭᠠᠮᠵᠢᠯᠠᠬᠤ》 ᠭᠣᠤᠯ ᠰᠡᠳ᠋ᠦᠪᠳ᠋ᠦ ᠤᠷᠠᠨ ᠪᠢᠴᠢᠯᠭᠡ ᠶᠢ ᠰᠤᠷᠭᠠᠭᠤᠯᠢ ᠶᠢᠨ ᠬᠦᠷᠢᠶᠡᠨ ᠳ᠋ᠦ ᠤᠷᠤᠭᠤᠯᠬᠤ ᠰᠤᠯᠢᠯᠴᠠᠭᠠᠨ ᠤ ᠠᠵᠢᠯᠯᠠᠭ᠎ᠠ ᠦᠷᠨᠢᠭᠦᠯᠪᠡ᠃

        


       
        ᠲᠣᠭ ᠤᠳ᠋ᠠᠭᠠᠨ ᠤ ᠠᠵᠢᠯᠯᠠᠭ᠎ᠠ ᠪᠠᠷ ᠲᠠᠮᠵᠢᠨ᠂ ᠵᠠᠯᠠᠭᠤᠴᠤᠳ ᠪᠠᠭᠠᠴᠤᠳ ᠤᠨ ᠲᠤᠮᠳ᠋ᠠᠳ᠋ᠤ ᠶᠢᠨ ᠤᠷᠠᠨ ᠪᠢᠴᠢᠯᠭᠡ ᠶᠢᠨ ᠰᠤᠶᠤᠯ ᠳ᠋ᠠᠬᠢ ᠬᠠᠢ᠌ᠷ᠎ᠠ ᠰᠡᠳᠭᠢᠯᠭᠡ ᠶᠢ ᠤᠯᠠᠮ ᠨᠢᠭᠡ ᠠᠯᠬᠤᠮ ᠬᠦᠭ᠍ᠵᠢᠭᠡᠵᠦ᠂ ᠰᠤᠷᠤᠭᠴᠢᠳ ᠤᠨ ᠤᠷᠠᠨ ᠪᠢᠴᠢᠯᠭᠡ ᠶᠢᠨ ᠲᠤᠷ᠎ᠠ ᠰᠤᠨᠢᠷᠬᠠᠯ ᠢ ᠬᠦᠮᠦᠵᠢᠭᠦᠯᠬᠦ ᠶᠢᠨ ᠬᠠᠮᠳ᠋ᠤ᠂ ᠲᠤᠮᠳ᠋ᠠᠳ᠋ᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠭᠣᠸ᠎ᠠ ᠰᠠᠢ᠌ᠬᠠᠨ ᠤ ᠲᠠᠭᠠᠰᠢᠶᠠᠯ ᠤᠨ ᠴᠢᠳ᠋ᠠᠪᠤᠷᠢ ᠪᠠ ᠬᠦᠮᠦᠨ ᠰᠤᠶᠤᠯ ᠤᠨ ᠬᠡᠪ ᠪᠣᠯᠪᠠᠰᠤᠷᠠᠯ ᠢ ᠲᠠᠰᠤᠷᠠᠯᠳ᠋ᠡ ᠦᠭᠡᠶ ᠲᠡᠭᠡᠭ᠍ᠰᠢᠯᠡᠭᠦᠯᠦᠨ᠂ ᠰᠤᠶᠤᠯ ᠤᠨ ᠢᠲᠡᠭᠡᠯ ᠪᠠ ᠤᠯᠤᠰ ᠶᠢᠡᠨ  ᠬᠠᠢ᠌ᠷᠠᠯᠠᠬᠤ ᠢᠲᠡᠭᠡᠯ ᠢ ᠴᠢᠷᠮᠠᠢ᠌ᠨ ᠨᠡᠮᠡᠭ᠍ᠳ᠋ᠡᠭᠦᠯᠵᠦ᠂ ᠦᠨᠳ᠋ᠦᠰᠦᠳ᠋ᠡᠨ ᠨᠦ᠋ᠬᠦᠳ ᠦᠨ ᠰᠤᠷᠤᠭᠴᠢᠳ ᠤᠨ ᠬᠤᠭᠤᠷᠤᠨᠳ᠋ᠤᠬᠢ ᠶᠠᠪᠤᠯᠴᠠᠭ᠎ᠠ ᠰᠤᠯᠢᠯᠴᠠᠭ᠎ᠠ ᠠᠭᠤᠰᠤᠯᠴᠡᠯ ᠢ ᠪᠤᠢ᠌ᠵᠢᠭᠤᠯᠤᠨ ᠦᠢᠯᠡᠳ᠋ᠦᠯᠭᠡᠵᠢᠭᠦᠯᠵᠦ᠂ ᠪᠦᠯᠬᠦᠮᠳ᠋ᠡᠯ ᠲᠡᠶ ᠨᠦ᠋ᠬᠦᠷᠰᠡᠭ᠌ ᠶᠢᠡᠷ ᠦᠰᠦᠨ ᠪᠣᠢ᠌ᠵᠢᠬᠤ ᠣᠷᠴᠢᠨ ᠨᠦ᠋ᠭᠦᠴᠡᠯ ᠢ ᠬᠠᠮᠳ᠋ᠤᠪᠠᠷ ᠡᠭᠦᠳᠴᠦ᠂ ᠦᠨᠳ᠋ᠦᠰᠦᠳ᠋ᠡᠨ ᠦ ᠪᠦᠯᠬᠦᠮᠳ᠋ᠡᠯ ᠲᠠᠪᠰᠢᠯᠳ᠋ᠡ ᠶᠢᠨ ᠤᠢ᠌ᠯᠠᠭᠠᠬᠳ᠋ᠠᠬᠤᠨ᠂ ᠲᠤᠮᠳ᠋ᠠᠳ᠋ᠤ ᠶᠢᠨ ᠦᠨᠳ᠋ᠦᠰᠦᠳ᠋ᠡᠨ ᠦ ᠬᠠᠮᠳ᠋ᠤ ᠴᠤᠬᠴᠡ ᠶᠢᠨ ᠤᠬᠠᠮᠰᠡᠷ ᠢ ᠰᠤᠷᠤᠭᠴᠢᠳ ᠤᠨ ᠲᠠᠷᠢᠬᠢᠨ ᠳᠤ ᠭᠦᠨ ᠬᠠᠳ᠋ᠠᠩᠰᠢᠭᠤᠯᠪᠠ᠃ (ᠯᠸᠢ ᠫᠠᠩ)

ᠡᠮᠦᠨᠡᠬᠢ᠄ ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ 《ᠭᠤᠷᠪᠠᠨ ᠵᠦ᠋ᠢᠯ ᠤᠨ ᠠᠷᠭ᠎ᠠ ᠠᠪᠴᠠᠯ》 ᠶᠢᠡᠷ ᠲᠦ᠋ᠯᠦᠭᠡᠯᠡᠭ᠍ᠴᠢᠳ ᠦᠨ ᠪᠣᠯᠪᠠᠰᠤᠷᠠᠯ ᠤᠨ ᠰᠢᠨ᠎ᠠ ᠭᠢᠯᠡᠰ ᠴᠡᠭ᠌ ᠢ ᠲᠤᠪᠤᠢ᠌ᠯᠭᠠᠪᠠ
ᠳᠠᠷᠠᠭᠠᠬᠢ᠄ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠡᠩ ᠵᠸᠨ ᠴᠢᠩ ᠰᠢᠶᠠᠩᠱᠠᠨ ᠪᠠᠯᠭᠠᠰᠤᠨ ᠳᠤ ᠬᠦᠷᠴᠦ ᠪᠠᠢ᠌ᠴᠠᠭᠠᠨ ᠰᠤᠳ᠋ᠤᠯᠬᠤ ᠠᠵᠢᠯ ᠦᠷᠨᠢᠭᠦᠯᠪᠡ