ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠵᠠᠷᠣᠳ ᠬᠤᠰᠢᠭᠤᠨ ᠤ ᠠᠷᠪᠠᠨ ᠲᠤᠯᠤᠳ᠋ᠤᠭᠠᠷ᠁
ᠵᠠᠷᠣᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠤᠯᠤᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ

       

 4 ᠰᠠᠷ᠎ᠠ ᠶᠢᠨ 4 ᠤ ᠡᠳ᠋ᠦᠷ᠂ ᠵᠠᠷᠣᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠤᠯᠤᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠤᠤ ᠯᠦ᠋ᠩ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ᠂ ᠶᠡᠩ ᠵᠸᠨ ᠴᠢᠩ ᠵᠢᠴᠢ ᠪᠠᠢ᠌ᠩᠭ᠋ᠤ ᠶᠢᠨ ᠬᠤᠷᠢᠶᠠᠨ ᠤ ᠪᠣᠰᠤᠳ ᠪᠦᠷᠢᠯᠳ᠋ᠦᠭᠦᠨ ᠭᠡᠰᠢᠭᠦᠳ ᠨᠡᠢ᠌ᠲᠡ 26 ᠬᠦᠮᠦᠨ ᠬᠤᠷᠠᠯ ᠳᠤ ᠤᠷᠤᠯᠴᠡᠵᠦ᠂ ᠬᠠᠦᠯᠢ ᠳᠤ ᠲᠤᠭᠳ᠋ᠠᠭᠰᠠᠨ ᠬᠦᠮᠦᠨ ᠤ ᠲᠤᠭᠠᠨ ᠳᠤ ᠨᠡᠢ᠌ᠴᠡᠪᠡ᠃ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ ᠳ᠋ᠢᠩ ᡁᠢ ᠭᠠᠩ᠂ ᠭᠦᠸᠸ ᠶᠠ ᠹᠸᠩ᠂ ᠬᠤᠰᠢᠭᠤᠨ ᠤ ᠠᠷᠠᠳ ᠤᠨ ᠰᠢᠬᠦᠭᠦ ᠬᠤᠷᠢᠶᠠᠨ ᠤ ᠬᠤᠷᠢᠶᠠᠨ ᠲᠠᠷᠤᠭ᠎ᠠ ᠲᠤᠩᠭ᠋ᠠᠯᠠᠭ ᠪᠠ ᠬᠢᠨᠠᠨ ᠪᠠᠢ᠌ᠴᠠᠭᠠᠬᠤ ᠵᠦ᠋ᠪᠯᠡᠯ᠂ ᠬᠤᠰᠢᠭᠤᠨ ᠤ ᠠᠷᠠᠳ ᠤᠨ ᠪᠠᠢ᠌ᠴᠠᠭᠠᠬᠤ ᠬᠣᠷᠢᠶ᠎ᠠ᠂ ᠵᠠᠰᠠᠭ ᠤᠨ ᠣᠷᠳ᠋ᠤᠨ ᠤ ᠠᠯᠪᠠᠨ ᠭᠡᠷ᠂ ᠠᠷᠠᠳ ᠤᠨ ᠶᠠᠪᠤᠳ᠋ᠠᠯ ᠤᠨ ᠲᠤᠪᠴᠢᠶ᠎ᠠ᠂ ᠰᠤᠶᠤᠯ ᠵᠢᠭᠤᠯᠴᠢᠯᠡᠯ ᠤᠨ ᠲᠤᠪᠴᠢᠶ᠎ᠠ᠂ ᠬᠠᠦᠯᠢ ᠴᠠᠭᠠᠵᠠ ᠶᠢᠨ ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠵᠢᠴᠢ 5 ᠨᠡᠷᠡᠰ ᠬᠤᠰᠢᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠬᠤᠷᠠᠯ ᠳᠤ ᠰᠤᠯᠠ ᠤᠷᠤᠯᠴᠠᠪᠠ᠃

         
        ᠬᠤᠷᠠᠯ ᠡᠴᠡ ᠠᠵᠢᠯᠳ᠋ᠡᠨ ᠤ ᠶᠠᠪᠤᠳ᠋ᠠᠯ ᠤᠨ ᠲᠤᠰᠢᠶᠠᠯ ᠳᠤ ᠲᠤᠮᠢᠯᠠᠬᠤ ᠪᠠᠭᠤᠯᠭᠠᠬᠤ ᠠᠵᠢᠯ ᠢ ᠶᠠᠪᠤᠭᠳ᠋ᠠᠭᠤᠯᠵᠤ᠂ ᠲᠤᠩᠭ᠋ᠠᠯᠠᠭ ᠡᠴᠡ《ᠬᠣᠩ ᠶᠢᠩ ᠵᠡᠷᠭᠡ ᠨᠦ᠋ᠬᠦᠳ ᠤᠨ ᠰᠢᠭᠦᠨ ᠲᠠᠰᠣᠯᠬᠤ ᠲᠤᠰᠢᠶᠠᠯ ᠳᠤ ᠲᠤᠮᠢᠯᠠᠬᠤ ᠪᠠᠷ ᠪᠠᠢ᠌ᠭ᠎ᠠ ᠲᠤᠬᠠᠢ ᠲᠤᠷᠠᠳ᠋ᠤᠯᠭ᠎ᠠ》 ᠶᠢ ᠤᠩᠰᠢᠨ ᠨᠡᠪᠳ᠋ᠡᠷᠡᠭᠡᠭ᠍ᠰᠡᠨ ᠪᠦᠭᠡᠳ ᠲᠤᠮᠢᠯᠠᠬᠤ ᠪᠠᠷ ᠪᠠᠢ᠌ᠭ᠎ᠠ ᠬᠦᠮᠦᠰ ᠦᠨ ᠲᠤᠪᠴᠢ ᠨᠠᠮᠳ᠋ᠠᠷ ᠢ ᠲᠠᠨᠢᠯᠴᠠᠭᠤᠯᠪᠠ᠃ ᠬᠣᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠬᠠᠷᠢᠭᠤᠴᠠᠯᠭᠠᠳ᠋ᠠᠨ ᠡᠴᠡ《ᠵᠢᠢ ᠢᠦᠢ ᠴᠥᠨ ᠨᠦ᠋ᠬᠦᠷ ᠦᠨ ᠬᠠᠦᠯᠢ ᠴᠠᠭᠠᠵᠠ ᠶᠢᠨ ᠲᠤᠰᠢᠶᠠᠯ ᠡᠴᠡ ᠪᠠᠭᠤᠬᠤ ᠶᠢᠡᠷ ᠲᠡᠪᠰᠢᠭᠦᠯᠦᠭ᠍ᠰᠡᠨ ᠮᠡᠳ᠋ᠡᠭᠦᠯᠦᠯᠳ᠋ᠡ》  ᠶᠢ ᠣᠩᠰᠢᠨ ᠨᠡᠪᠳ᠋ᠡᠷᠡᠭᠡᠵᠦ᠂ ᠵᠢᠢ ᠢᠦᠢ ᠴᠥᠨ ᠦ ᠬᠣᠰᠢᠭᠤᠨ ᠤ ᠠᠷᠠᠳ ᠤᠨ ᠪᠠᠢ᠌ᠴᠠᠭᠠᠬᠤ ᠬᠣᠷᠢᠶᠠᠨ ᠤ ᠪᠠᠢ᠌ᠴᠠᠭᠠᠭᠴᠢ᠂ ᠪᠠᠢ᠌ᠴᠠᠭᠠᠬᠤ ᠵᠦ᠋ᠪᠯᠡᠯ ᠦᠨ ᠬᠠᠦᠯᠢ ᠴᠠᠭᠠᠵᠠ ᠶᠢᠨ ᠲᠤᠰᠢᠶᠠᠯ ᠡᠴᠡ ᠪᠠᠭᠤᠬᠤ ᠶᠢ ᠵᠦ᠋ᠪᠰᠢᠶᠡᠷᠡᠭ᠍ᠰᠡᠨ ᠪᠠᠢ᠌ᠨ᠎ᠠ᠃

        
        ᠬᠤᠷᠠᠯ ᠲᠡᠭᠡᠷ᠎ᠠ ᠰᠢᠨ᠎ᠠ ᠪᠠᠷ ᠲᠤᠰᠢᠶᠠᠯ ᠳᠤ ᠲᠤᠮᠢᠯᠠᠬᠤ ᠪᠠᠷ ᠪᠠᠢ᠌ᠭ᠎ᠠ ᠬᠦᠮᠦᠰ ᠲᠤᠰᠢᠶᠠᠯ ᠡᠭᠦᠷᠭᠡᠯᠡᠬᠦ ᠶᠠᠷᠢᠶ᠎ᠠ ᠬᠢᠪᠡ᠃ ᠬᠠᠮᠢᠶ᠎ᠠ ᠪᠦᠬᠦᠢ ᠲᠦ᠋ᠷᠢᠮ ᠲᠤᠭᠳ᠋ᠠᠭᠠᠯ ᠢ ᠦᠨᠳ᠋ᠦᠰᠦᠯᠡᠨ᠂ ᠬᠤᠷᠠᠯ ᠡᠴᠡ ᠡᠮᠦᠨ᠎ᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠡ ᠲᠤᠰᠢᠶᠠᠯ ᠳᠤ ᠲᠤᠮᠢᠯᠠᠬᠤ ᠡᠴᠡ ᠡᠮᠦᠨᠡᠬᠢ ᠬᠠᠦᠯᠢ ᠴᠠᠭᠠᠵᠠ ᠶᠢᠨ ᠮᠡᠳ᠋ᠡᠯᠭᠡ ᠶᠢᠨ ᠰᠢᠯᠭᠠᠯᠳ᠋ᠠ ᠬᠢᠵᠦ᠂ ᠰᠢᠯᠭᠠᠯᠳ᠋ᠠ ᠶᠢᠨ ᠬᠢᠷᠢ ᠪᠦᠳ᠋ᠦᠮᠵᠢ ᠨᠢ ᠬᠢᠷᠢ ᠲᠡᠩᠴᠡᠨ᠂ ᠨᠢᠭᠡᠨᠳ᠋ᠡ ᠲᠤᠰᠢᠶᠠᠯ ᠳᠤ ᠲᠤᠮᠢᠯᠠᠬᠤ ᠬᠠᠦᠯᠢ ᠴᠠᠭᠠᠵᠠ ᠶᠢᠨ ᠬᠡᠪ ᠴᠢᠨᠠᠷ ᠢ ᠪᠦᠷᠢᠯᠳ᠋ᠦᠭᠦᠯᠦᠭ᠍ᠰᠡᠨ ᠪᠠᠢ᠌ᠨ᠎ᠠ᠃ ᠬᠤᠷᠠᠯ ᠡᠴᠡ ᠪᠢᠯᠸᠲ ᠦᠭ᠍ᠴᠦ ᠪᠠᠳ᠋ᠤᠯᠠᠬᠤ ᠪᠠᠷ ᠲᠠᠮᠵᠢᠨ ᠬᠣᠩ ᠶᠢᠩ ᠢ ᠠᠷᠠᠳ ᠤᠨ ᠰᠢᠭᠦᠬᠦ ᠬᠤᠷᠢᠶᠠᠨ ᠤ ᠵᠠᠰᠠᠭ ᠵᠠᠬᠢᠷᠭᠠᠨ ᠤ ᠬᠡᠷᠡᠭ᠌ ᠦᠨ ᠰᠢᠭᠦᠨ ᠲᠠᠰᠤᠯᠬᠤ ᠲᠢᠩᠭᠢᠮ ᠦᠨ ᠲᠡᠳ᠋ ᠲᠢᠩᠭᠢᠮ ᠦᠨ ᠲᠠᠷᠤᠭ᠎ᠠ᠂ ᠯᠢ ᠰᠠᠷᠠᠨ᠎ᠠ ᠶᠢ ᠠᠷᠠᠳ ᠤᠨ ᠰᠢᠭᠦᠬᠦ ᠬᠤᠷᠢᠶᠠᠨ ᠤ ᠬᠡᠷᠡᠭ᠌ ᠲᠠᠩᠰᠠᠯᠠᠬᠤ ᠲᠢᠩᠭᠢᠮ ᠦᠨ ᠲᠡᠳ᠋ ᠲᠢᠩᠭᠢᠮ ᠦᠨ ᠲᠠᠷᠤᠭ᠎ᠠ᠂ ᠴᠡᠴᠡᠭ᠌ ᠢ ᠠᠷᠠᠳ ᠤᠨ ᠰᠢᠬᠦᠬᠦ ᠬᠤᠷᠢᠶᠠᠨ ᠤ ᠭᠦᠢᠴᠡᠳᠭᠡᠬᠦ ᠲᠤᠪᠴᠢᠶ᠎ᠠ ᠶᠢᠨ ᠲᠡᠳ᠋ ᠲᠤᠪᠴᠢᠶᠡᠨ ᠲᠠᠷᠤᠭ᠎ᠠ᠂ ᠯᠢ ᠵᠢᠨ ᠷᠦ᠋ᠢ ᠶᠢ ᠠᠷᠠᠳ ᠤᠨ ᠰᠢᠬᠦᠬᠦ ᠬᠤᠷᠢᠶᠠᠨ ᠤ ᠭᠦᠢᠴᠡᠳᠭᠡᠬᠦ ᠲᠤᠪᠴᠢᠶ᠎ᠠ ᠶᠢᠨ ᠲᠡᠳ᠋ ᠲᠤᠪᠴᠢᠶᠡᠨ ᠲᠠᠷᠤᠭ᠎ᠠ᠂ ᠵᠠᠩ ᠴᠥᠨ ᠡᠾᠦ᠋ᠢ ᠶᠢ ᠠᠷᠠᠳ ᠤᠨ ᠰᠢᠬᠦᠬᠦ ᠬᠤᠷᠢᠶᠠᠨ ᠤ ᠭᠦᠢᠴᠡᠳᠭᠡᠬᠦ ᠲᠤᠪᠴᠢᠶ᠎ᠠ ᠶᠢᠨ ᠲᠡᠳ᠋ ᠲᠤᠪᠴᠢᠶᠡᠨ ᠲᠠᠷᠤᠭ᠎ᠠ ᠪᠡᠷ ᠲᠤᠮᠢᠯᠠᠪᠠ᠃ ᠡᠦ ᠴᠢᠩ ᠬᠠᠢ ᠡᠴᠡ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠡᠳ ᠲᠤ ᠲᠤᠮᠢᠯᠠᠯ ᠤᠨ ᠪᠢᠴᠢᠭ᠌ ᠭᠠᠷᠳ᠋ᠠᠭᠤᠯᠵᠤ᠂ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠡᠳ ᠦᠨᠳ᠋ᠦᠰᠦᠨ ᠬᠠᠦᠯᠢ ᠳᠤ ᠲᠠᠩᠭ᠋ᠠᠷᠢᠭᠯᠠᠪᠠ᠃

        
        ᠡᠦ ᠴᠢᠩ ᠬᠠᠢ ᠡᠴᠡ᠂ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠠᠳ ᠲᠤᠰᠢᠶᠠᠯ ᠬᠠᠷᠢᠭᠤᠴᠠᠯᠭ᠎ᠠ ᠪᠠᠨ ᠬᠡᠷᠬᠢᠨ ᠴᠢᠨᠠᠷ ᠰᠠᠢ᠌ᠲᠠᠢ ᠭᠦᠢᠴᠡᠳᠭᠡᠬᠦ ᠲᠠᠯ᠎ᠠ ᠪᠠᠷ ᠪᠣᠳ᠋ᠠᠳ᠋ᠠᠢ ᠱᠠᠭᠠᠷᠳ᠋ᠠᠯᠭ᠎ᠠ ᠲᠤᠷᠠᠳᠴᠦ᠂ ᠤᠯᠠᠨ ᠶᠢᠡᠷ ᠶᠢᠡᠨ ᠦᠪᠡᠷ ᠦᠪᠡᠷ ᠦᠨ ᠠᠮᠠᠯᠠᠯᠳ᠋ᠠ ᠪᠠᠷ ᠶᠢᠡᠨ ᠬᠣᠢ᠌ᠰᠢᠳ᠋ᠡ ᠶᠢᠨ ᠠᠵᠢᠯ ᠶᠢᠡᠨ ᠯᠠᠪᠳ᠋ᠠᠭᠤᠨ ᠪᠠᠳ᠋ᠤᠲᠠᠢ ᠰᠠᠢ᠌ᠳ᠋ᠤᠷ ᠬᠢᠵᠦ᠂ ᠬᠠᠷᠢᠭᠤᠴᠠᠯᠭᠠᠳ᠋ᠤ ᠰᠡᠳᠭᠢᠯᠭᠡ ᠪᠠ ᠡᠭᠦᠷᠭᠡᠳ᠋ᠦ ᠰᠡᠳᠭᠢᠯᠭᠡ ᠪᠠᠨ ᠤᠯᠠᠮ ᠨᠢᠭᠡ ᠠᠯᠬᠤᠮ ᠴᠢᠩᠭ᠋ᠠᠳᠬᠠᠨ᠂ ᠬᠤᠰᠢᠭᠤᠨ ᠤ ᠨᠠᠮ ᠤᠨ ᠬᠤᠷᠢᠶᠠᠨ ᠤ ᠭᠣᠤᠯ ᠠᠵᠢᠯ ᠪᠠ ᠪᠦᠬᠦ ᠬᠤᠰᠢᠭᠤᠨ ᠤ ᠶᠡᠬᠡ ᠲᠠᠯ᠎ᠠ ᠲᠡᠶ ᠨᠢᠭᠳ᠋ᠠ ᠤᠶᠠᠯᠳ᠋ᠤᠭᠤᠯᠵᠦ᠂ ᠠᠵᠢᠯ ᠶᠢᠡᠨ ᠡᠭᠦᠳ᠋ᠦᠨ ᠪᠦᠳ᠋ᠦᠭᠡᠯᠳ᠋ᠦ ᠴᠢᠨᠠᠷᠳ᠋ᠠᠢ ᠦᠷᠨᠢᠭᠦᠯᠬᠦ ᠬᠡᠷᠡᠭ᠍ᠳ᠋ᠠᠢ᠃ ᠠᠷᠠᠳ ᠤᠨ ᠲᠦ᠋ᠯᠦᠭᠡ ᠬᠡᠬᠦ ᠵᠤᠷᠢᠯᠳ᠋ᠠ ᠪᠠᠨ ᠪᠠᠳ᠋ᠤ ᠴᠡᠭᠡᠵᠢᠯᠡᠨ᠂ ᠠᠷᠠᠳ ᠲᠦ᠋ᠮᠡᠨ ᠤ ᠬᠦᠨᠳ᠋ᠦ ᠨᠠᠢ᠌ᠳ᠋ᠠᠯᠭ᠎ᠠ ᠶᠢ ᠬᠦᠰᠡᠷᠳ᠋ᠡᠭᠦᠯᠬᠦ ᠦᠭᠡᠶ ᠪᠠᠢ᠌ᠵᠤ᠂ ᠠᠷᠠᠳ ᠲᠦ᠋ᠮᠡᠨ ᠤ ᠬᠢᠨᠠᠯᠳ᠋ᠠ ᠶᠢ ᠤᠬᠠᠮᠰᠡᠷ ᠡᠴᠡ ᠪᠠᠨ ᠬᠦᠯᠢᠶᠡᠨ᠂ ᠰᠢᠨ᠎ᠠ ᠠᠵᠢᠯ ᠤᠨ ᠪᠠᠢ᠌ᠷᠢ ᠲᠡᠭᠡᠷ᠎ᠠ ᠪᠠᠨ ᠰᠢᠨ᠎ᠠ ᠠᠮᠵᠢᠯᠳ᠋ᠡ ᠭᠠᠷᠭᠠᠵᠤ᠂ ᠮᠠᠨ ᠤ ᠬᠤᠰᠢᠭᠤᠨ ᠤ ᠡᠯ᠎ᠠ ᠲᠦ᠋ᠷᠦᠯ ᠤᠨ ᠠᠵᠢᠯ ᠦᠢᠯᠡᠰ ᠤᠨ ᠬᠦᠭ᠍ᠵᠢᠯᠳ᠋ᠡ ᠶᠢ ᠠᠬᠢᠭᠤᠯᠬᠤ ᠳᠤ ᠰᠠᠢ᠌ᠨ ᠲᠠᠭᠤᠷᠢᠶᠠᠯ ᠦᠵᠡᠭᠦᠯᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃

        
        ᠬᠤᠷᠠᠯ ᠡᠴᠡ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ《ᠠᠷᠠᠳ ᠤᠨ ᠶᠠᠪᠤᠳ᠋ᠠᠯ ᠤᠨ ᠠᠷᠠᠳ ᠤᠨ ᠠᠮᠢᠳ᠋ᠤᠷᠠᠯ ᠤᠨ ᠬᠦᠷᠢᠶᠡᠨ ᠳ᠋ᠡᠬᠢ ᠠᠵᠢᠯ ᠦᠷᠨᠢᠭᠦᠯᠦᠭ᠍ᠰᠡᠨ ᠪᠠᠢ᠌ᠳ᠋ᠠᠯ ᠤᠨ ᠲᠤᠬᠠᠢ ᠮᠡᠳ᠋ᠡᠭᠦᠯᠦᠯᠳ᠋ᠡ》᠂《ᠪᠦᠬᠦ ᠬᠣᠰᠢᠭᠤᠨ ᠤ ᠰᠤᠶᠤᠯ ᠵᠢᠭᠤᠯᠴᠢᠯᠡᠯ ᠤᠨ ᠠᠵᠤ ᠦᠢᠯᠡᠰ ᠦᠨ ᠬᠦᠭ᠍ᠵᠢᠯᠳ᠋ᠡ ᠶᠢᠨ ᠪᠠᠢ᠌ᠳ᠋ᠠᠯ ᠤᠨ ᠲᠤᠬᠠᠢ ᠮᠡᠳ᠋ᠡᠭᠦᠯᠦᠯᠳ᠋ᠡ》 ᠶᠢ ᠰᠤᠨᠤᠰᠴᠦ ᠬᠢᠨᠠᠨ ᠵᠦ᠋ᠪᠯᠡᠪᠡ᠃ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ《ᠪᠦᠬᠦ ᠬᠣᠰᠢᠭᠤᠨ ᠤ ᠨᠠᠰᠤᠵᠢᠯ ᠤᠨ ᠦᠢᠯᠡᠴᠢᠯᠡᠭᠡᠨ ᠦ ᠠᠵᠢᠯ ᠤᠨ ᠲᠤᠬᠠᠢ ᠪᠠᠢ᠌ᠴᠠᠭᠠᠨ ᠰᠤᠳ᠋ᠤᠯᠤᠯᠳ᠋ᠠ ᠶᠢᠨ ᠮᠡᠳ᠋ᠡᠭᠦᠯᠦᠯᠳ᠋ᠡ》 ᠶᠢ ᠰᠤᠨᠤᠰᠴᠦ ᠬᠢᠨᠠᠨ ᠵᠦ᠋ᠪᠯᠡᠪᠡ᠃ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠰᠢᠬᠦᠬᠦ ᠲᠤᠰᠢᠶᠡᠯᠳ᠋ᠡᠨ ᠢ ᠦᠨᠡᠯᠡᠨ ᠶᠠᠷᠢᠯᠴᠠᠬᠤ ᠤᠳ᠋ᠤᠷᠢᠳᠬᠤ ᠲᠤᠭᠤᠢ᠌ᠯᠠᠩ ᠤᠨ 《ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠬᠡᠰᠡᠭ᠌ ᠰᠢᠭᠦᠬᠦ ᠲᠣᠰᠢᠶᠡᠯᠳ᠋ᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠪᠠᠢ᠌ᠳ᠋ᠠᠯ ᠢ ᠦᠨᠡᠯᠡᠨ ᠶᠠᠷᠢᠯᠴᠠᠬᠤ ᠠᠵᠢᠯ ᠤᠨ ᠲᠤᠬᠠᠢ ᠮᠡᠳ᠋ᠡᠭᠦᠯᠦᠯᠳ᠋ᠡ》 ᠶᠢ ᠰᠤᠨᠤᠰᠴᠦ ᠬᠢᠨᠠᠨ ᠵᠦ᠋ᠪᠯᠡᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠢᠨᠠᠨ ᠪᠠᠢ᠌ᠴᠠᠭᠠᠬᠤ ᠪᠠ ᠬᠠᠦᠯᠢ ᠴᠠᠭᠠᠵᠠ ᠶᠢᠨ ᠠᠵᠢᠯ ᠤᠨ ᠵᠦ᠋ᠪᠯᠡᠯ ᠦᠨ《2022 ᠣᠨ ᠤ ᠲᠦ᠋ᠷᠢᠮᠵᠢᠯ ᠦᠨ ᠴᠢᠨᠠᠷᠳ᠋ᠠᠢ ᠪᠢᠴᠢᠭ᠌ ᠮᠠᠲ᠋ᠸᠷᠢᠶᠠᠯ ᠢ ᠲᠠᠩᠰᠠᠯᠠᠵᠦ ᠬᠢᠨᠠᠨ ᠪᠠᠢ᠌ᠴᠠᠭᠠᠭᠰᠠᠨ ᠠᠵᠢᠯ ᠤᠨ ᠪᠠᠢ᠌ᠳ᠋ᠠᠯ ᠤᠨ ᠲᠤᠬᠠᠢ ᠮᠡᠳ᠋ᠡᠭᠦᠯᠦᠯᠳ᠋ᠡ》 ᠶᠢ ᠰᠤᠨᠤᠰᠴᠦ ᠬᠢᠨᠠᠨ ᠵᠦ᠋ᠪᠯᠡᠪᠡ᠃《ᠵᠠᠷᠤᠳ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ 2023 ᠣᠨ ᠤ ᠠᠵᠢᠯ ᠤᠨ ᠭᠤᠣᠯᠳ᠋ᠠᠯᠭ᠎ᠠ》 ᠶᠢ ᠶᠠᠷᠢᠯᠴᠡᠨ ᠪᠠᠲᠤᠯᠠᠪᠠ᠃

        
        ᠬᠤᠷᠠᠯ ᠳᠤ ᠤᠷᠤᠯᠴᠠᠭᠰᠡᠳ ᠡᠯ᠎ᠠ ᠲᠦ᠋ᠷᠦᠯ ᠤᠨ ᠮᠡᠳ᠋ᠡᠭᠦᠯᠦᠯᠳ᠋ᠡ ᠶᠢᠨ ᠲᠤᠭᠤᠷᠢᠨ ᠳᠤ ᠶᠠᠷᠢᠯᠴᠠᠭ᠎ᠠ ᠦᠷᠨᠢᠭᠦᠯᠦᠭ᠍ᠰᠡᠨ ᠪᠦᠭᠡᠳ ᠰᠠᠨᠠᠯ ᠰᠠᠨᠠᠭᠤᠯᠭ᠎ᠠ ᠲᠤᠷᠠᠳᠪᠠ᠃ (ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠡᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ (ᠦᠷᠭᠡᠳᠭᠡᠭ᠍ᠰᠡᠨ) ᠬᠤᠷᠠᠯ ᠵᠢᠴᠢ ᠠᠷᠪᠠᠨ ᠲᠥᠷᠪᠡᠳ᠋ᠦᠭᠡᠷ ᠤᠳ᠋ᠠᠭᠠᠨ ᠤ ᠡᠷᠬᠢᠯᠡᠭ᠍ᠴᠢ ᠶᠢᠨ ᠬᠤᠷᠠᠯ ᠬᠤᠷᠠᠯᠳ᠋ᠤᠪᠠ
ᠳᠠᠷᠠᠭᠠᠬᠢ᠄ ᠠᠷᠠᠳ ᠤᠨ ᠲᠦ᠋ᠯᠦᠭᠡᠯᠡᠭ᠍ᠴᠢᠳ ᠦᠨ ᠪᠣᠯᠪᠠᠰᠤᠷᠠᠯ ᠦᠷᠨᠢᠭᠦᠯᠵᠦ ᠠᠷᠠᠳ ᠤᠨᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠶᠢ ᠲᠡᠭᠡᠭ᠍ᠰᠢᠯᠡᠭᠦᠯᠪᠡ