ᠴᠢᠪᠠᠭᠠᠳ᠋ᠤ ᠰᠤᠮᠤ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠪᠠᠢ᠌ᠴᠠᠭᠠᠨ ᠰᠤᠳ᠋ᠤᠯᠤᠯᠳ᠋ᠠ ᠶᠢᠨ ᠠᠵᠢᠯᠯᠠᠭ᠎ᠠ ᠦᠷᠨᠢᠭᠦᠯᠪᠡ

4 ᠰᠠᠷ᠎ᠠ ᠶᠢᠨ 2 ᠦ ᠡᠳ᠋ᠦᠷ᠂ ᠴᠢᠪᠠᠭᠠᠳ᠋ᠤ ᠰᠤᠮᠤ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠬᠤᠰᠢᠭᠤ᠂ ᠰᠤᠮᠤ ᠬᠤᠶᠠᠷ ᠱᠠᠳ᠋ᠤᠨ ᠤ 30 ᠭᠠᠷᠤᠢ ᠲᠦ᠋ᠯᠦᠭᠡᠯᠡᠭ᠍ᠴᠢ ᠶᠢ ᠵᠤᠬᠢᠶᠠᠨ ᠪᠠᠢ᠌ᠭᠤᠯᠵᠤ ᠬᠣᠷᠴᠢᠨ ᠵᠡᠭᠦᠨ ᠭᠠᠷᠤᠨ ᠬᠤᠢ᠌ᠳ᠋ᠤ ᠬᠤᠰᠢᠭᠤᠨ ᠳᠤ ᠬᠦᠷᠴᠦ ᠮᠢᠬᠠᠨ ᠤ ᠦᠬᠡᠷ ᠦᠨ ᠠᠵᠤ ᠦᠢᠯᠡᠰ ᠤᠨ ᠪᠠᠢ᠌ᠴᠠᠭᠠᠨ ᠰᠤᠳ᠋ᠤᠯᠤᠯᠳ᠋ᠠ ᠶᠢᠨ ᠠᠵᠢᠯᠯᠠᠭ᠎ᠠ ᠦᠷᠨᠢᠭᠦᠯᠵᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠰᠠᠨᠠᠯ ᠶᠢᠡᠨ ᠰᠤᠯᠢᠯᠴᠠᠬᠤ᠂ ᠠᠰᠠᠭᠤᠨ ᠯᠠᠪᠯᠠᠬᠤ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ ᠵᠡᠷᠭᠡ ᠬᠡᠯᠪᠡᠷᠢ ᠪᠡᠷ ᠲᠠᠮᠵᠢᠨ ᠡᠭᠦᠯᠳ᠋ᠡᠷ ᠢ ᠰᠤᠩᠭ᠋ᠤᠨ ᠪᠤᠢ᠌ᠵᠢᠭᠤᠯᠬᠤ᠂ ᠫᠧᠩ ᠰᠠᠷᠠᠪᠴᠢ ᠶᠢᠨ ᠪᠠᠷᠢᠮᠵᠢᠶ᠎ᠠ ᠪᠠ ᠲᠡᠵᠢᠭᠡᠬᠦ ᠮᠡᠷᠭᠡᠵᠢᠯ᠂ ᠲᠠᠷᠤᠰᠢᠭᠤᠯᠬᠤ ᠵᠤᠭᠤᠷᠢ ᠶᠢᠨ ᠪᠠᠷᠢᠮᠵᠢᠶᠠᠵᠢᠭᠰᠠᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ᠂ ᠠᠯᠠᠰᠢᠨ ᠦᠬᠡᠷ ᠦᠨ ᠡᠭᠦᠯᠳ᠋ᠡᠷ ᠢ ᠰᠠᠢ᠌ᠵᠢᠷᠠᠭᠤᠯᠤᠭᠰᠠᠨ᠂ ᠮᠢᠬ᠎ᠠ ᠰᠦ᠋ ᠶᠢ ᠲᠤᠬᠠᠢ ᠶᠢᠨ ᠲᠠᠯᠠᠪᠤᠷ ᠲᠤᠨᠢ ᠡᠳ᠋ᠰᠢᠭᠦᠯᠬᠦ ᠪᠤᠯᠤᠨ ᠪᠦᠳ᠋ᠦᠭᠡᠭ᠍ᠳ᠋ᠡᠭᠦᠨ ᠢ ᠰᠦ᠋ᠯᠵᠢᠶᠡᠨ ᠲᠡᠭᠡᠷ᠎ᠠ ᠪᠤᠷᠤᠯᠠᠭᠤᠯᠬᠤ ᠵᠢᠴᠢ ᠮᠠᠯᠵᠢᠬᠤ ᠲᠠᠷᠢᠶᠠᠯᠠᠬᠤ ᠡᠷᠦᠭᠡ ᠶᠢᠨ ᠠᠵᠢᠯ ᠣᠯᠵᠤ ᠠᠰᠢᠭ ᠬᠤᠪᠢᠶᠠᠬᠤ ᠶᠢ ᠬᠦᠳ᠋ᠦᠯᠦᠨ ᠵᠢᠯᠤᠭᠤᠳ᠋ᠤᠭᠰᠠᠨ ᠵᠡᠷᠭᠡ ᠲᠡᠷᠢᠭᠦᠨ ᠦ ᠲᠣᠷᠰᠢᠯᠭ᠎ᠠ ᠶᠢ ᠨᠠᠷᠢᠨ ᠣᠢ᠌ᠯᠠᠭᠠᠭᠰᠠᠨ ᠪᠦᠭᠡᠳ ᠰᠠᠨᠠᠯ ᠶᠢᠡᠨ ᠭᠦᠨᠵᠡᠭᠡᠢ ᠰᠤᠯᠢᠯᠴᠠᠪᠠ᠃
ᠲᠤᠰ ᠤᠳ᠋ᠠᠭᠠᠨ ᠤ ᠲᠤᠭᠤᠷᠢᠨ ᠪᠠᠢ᠌ᠴᠠᠭᠠᠯᠳ᠋ᠠ ᠪᠠᠷ ᠲᠠᠮᠵᠢᠨ᠂ ᠲᠦ᠋ᠯᠦᠭᠡᠯᠡᠭ᠍ᠴᠢᠳ ᠮᠠᠰᠢ ᠶᠡᠬᠡ ᠠᠰᠢᠭ ᠬᠥᠷᠳ᠋ᠡᠭ᠍ᠰᠡᠨ ᠪᠦᠭᠡᠳ ᠲᠤᠰ ᠤᠳ᠋ᠠᠭ᠎ᠠ ᠶᠢᠨ ᠰᠤᠳ᠋ᠤᠯᠤᠨ ᠪᠠᠢ᠌ᠴᠠᠭᠠᠯᠳ᠋ᠠ ᠳᠤ ᠣᠯᠵᠤ ᠰᠤᠷᠤᠭᠰᠠᠨ ᠲᠡᠷᠢᠭᠦᠨ ᠦ ᠲᠣᠷᠰᠢᠯᠭ᠎ᠠ ᠰᠠᠢ᠌ᠨ ᠠᠷᠭ᠎ᠠ ᠬᠢᠳ᠋ᠡᠯ ᠢ ᠭᠦᠢᠴᠡᠳ ᠰᠤᠷᠤᠯᠴᠡᠵᠦ᠂ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠂ ᠠᠷᠠᠳ ᠤᠨ ᠲᠦ᠋ᠯᠦᠭᠡᠯᠡᠭ᠍ᠴᠢ ᠶᠢᠨ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠠᠬᠢᠭᠤᠯᠬᠤ ᠲᠣᠮᠳ᠋ᠠᠬᠢ ᠵᠢᠱᠢᠶ᠎ᠠ ᠦᠵᠡᠭᠦᠯᠵᠦ ᠬᠦᠳ᠋ᠦᠯᠦᠨ ᠲᠠᠭᠠᠭᠤᠯᠵᠤ ᠲᠠᠢ᠌ᠴᠢᠯᠠᠬᠤ ᠦᠢᠯᠡᠳ᠋ᠦᠯ ᠢ ᠤᠯᠠᠮ ᠨᠢᠭᠡ ᠠᠯᠬᠤᠮ ᠪᠠᠳ᠋ᠠᠷᠠᠭᠤᠯᠵᠤ᠂ ᠴᠢᠪᠠᠭᠠᠳ᠋ᠤ ᠰᠤᠮᠤ ᠶᠢᠨ ᠦᠬᠡᠷ ᠦᠨ ᠠᠵᠤ ᠦᠢᠯᠡᠰ ᠦᠨ ᠬᠦᠭ᠍ᠵᠢᠯᠳ᠋ᠡ ᠲᠠᠪᠰᠢᠯᠳ᠋ᠡ ᠳᠤ ᠬᠤᠪᠢ ᠨᠡᠮᠡᠷᠢ ᠦᠵᠡᠭᠦᠯᠦᠨ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢᠯᠡᠨ᠎ᠠ ᠭᠡᠵᠦ ᠢᠯᠡᠳᠭᠡᠪᠡ᠃ (ᠯᠸᠢ ᠫᠠᠩ)