ᠤᠳᠤ ᠶᠢᠨ ᠪᠠᠢ᠌ᠷᠢ᠄ ᠲᠦᠯᠤᠭᠡᠯᠡᠭᠴᠢ ᠶᠢᠨ ᠭᠡᠷ ᠪᠦᠯᠢ → ᠴᠢᠨᠳ᠋ᠠᠮᠤᠨᠢ ᠰᠤᠮᠤ ᠶᠢᠨ ᠠᠷᠠᠳ ᠤᠨ ᠲᠦ᠋ᠯᠦᠭᠡᠯᠡᠭ᠍ᠴᠢᠳ᠁
ᠴᠢᠨᠳ᠋ᠠᠮᠤᠨᠢ ᠰᠤᠮᠤ ᠶᠢᠨ ᠠᠷᠠᠳ ᠤᠨ ᠲᠦ᠋ᠯᠦᠭᠡᠯᠡᠭ᠍ᠴᠢᠳ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭ᠍ᠴᠡᠯᠡᠨ ᠵᠠᠰᠠᠬᠤ ᠪᠠ ᠣᠢ ᠰᠢᠭᠤᠢ ᠶᠢᠨ ᠲᠤᠢ᠌ᠮᠠᠷ ᠢ ᠰᠡᠷᠭᠡᠢ᠌ᠯᠡᠬᠦ ᠠᠵᠢᠯ ᠢ ᠦᠷᠨᠢᠭᠦᠯᠬᠦ ᠳ᠋ᠦ ᠬᠦᠴᠦᠨ ᠨᠡᠮᠡᠷᠢᠯᠡᠵᠦ ᠪᠠᠢ᠌ᠭ᠎ᠠ

       
       ᠤᠢ᠌ᠷ᠎ᠠ ᠶᠢᠨ ᠡᠳ᠋ᠦᠷ᠂ ᠴᠢᠨᠳ᠋ᠠᠮᠤᠨᠢ ᠰᠤᠮᠤ ᠶᠢᠨ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠰᠠᠨᠠᠭᠠᠴᠢᠯᠠᠭ᠎ᠠ ᠡᠴᠡ ᠪᠠᠨ ᠬᠠᠷᠢᠭᠤᠴᠠᠯᠭ᠎ᠠ ᠡᠭᠦᠷᠭᠡᠯᠡᠵᠦ ᠵᠢᠳᠭᠥᠯ ᠴᠢᠷᠮᠠᠢ᠌ᠯᠭ᠎ᠠ ᠭᠠᠷᠭᠠᠨ᠂ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭ᠍ᠴᠡᠯᠡᠨ ᠵᠠᠰᠠᠬᠤ ᠪᠠ ᠣᠢ ᠰᠢᠭᠤᠢ  ᠶᠢᠨ ᠲᠤᠢ᠌ᠮᠠᠷ ᠢ ᠰᠡᠷᠭᠡᠢ᠌ᠯᠡᠨ ᠤᠨᠲᠠᠷᠠᠭᠠᠬᠤ ᠤᠬᠠᠭᠤᠯᠭ᠎ᠠ ᠶᠢᠨ ᠠᠵᠢᠯ ᠳᠤ ᠢᠳ᠋ᠡᠪᠬᠢᠳ᠋ᠠᠢ ᠤᠷᠤᠯᠴᠠᠪᠠ᠃

        
        ᠲᠤᠰ ᠤᠳ᠋ᠠᠭᠠᠨ ᠤ ᠠᠵᠢᠯᠯᠠᠭ᠎ᠠ ᠪᠠᠷ ᠲᠠᠮᠵᠢᠨ᠂ ᠦᠷᠭᠡᠨ ᠣᠯᠠᠨ ᠮᠠᠯᠴᠢᠨ ᠲᠠᠷᠢᠶᠠᠴᠢᠨ ᠦ ᠭᠠᠯ ᠰᠡᠷᠭᠡᠢ᠌ᠯᠡᠬᠦ ᠤᠬᠠᠮᠰᠡᠷ ᠢ ᠲᠡᠭᠡᠭ᠍ᠰᠢᠯᠡᠭᠦᠯᠦᠨ᠂ ᠪᠦᠬᠦ ᠰᠤᠮᠤ ᠪᠠᠷ ᠶᠢᠡᠨ ᠣᠢ ᠰᠢᠭᠤᠢ ᠶᠢᠨ ᠭᠠᠯ ᠰᠡᠷᠭᠡᠢ᠌ᠯᠡᠬᠦ ᠶᠢ ᠠᠩᠬᠠᠷᠤᠨ᠂ ᠤᠢ ᠰᠢᠭᠤᠢ ᠶᠢᠨ ᠭᠠᠯ ᠰᠡᠷᠭᠡᠢ᠌ᠯᠡᠬᠦ ᠳ᠋ᠦ ᠤᠷᠤᠯᠴᠠᠬᠤ᠂ ᠣᠢ ᠰᠢᠭᠤᠢ ᠶᠢᠨ ᠭᠠᠯ ᠰᠡᠷᠭᠡᠢ᠌ᠯᠡᠬᠦ ᠶᠢ ᠲᠡᠮᠵᠢᠬᠦ ᠰᠠᠢ᠌ᠨ ᠰᠠᠢ᠌ᠬᠠᠨ ᠠᠭᠤᠷ ᠠᠮᠢᠰᠬᠤᠯ ᠢ ᠪᠣᠢ ᠪᠣᠯᠭᠠᠨ᠂ ᠪᠣᠳ᠋ᠠᠳ᠋ᠤ ᠠᠵᠢᠯᠯᠠᠭ᠎ᠠ ᠪᠠᠷ ᠶᠢᠡᠨ ᠠᠷᠠᠳ ᠤᠨ ᠲᠦ᠋ᠯᠦᠭᠡᠯᠡᠭ᠍ᠴᠢ ᠶᠢᠨ ᠡᠭᠦᠷᠭᠡᠯᠡᠯ ᠢ ᠢᠯᠡᠷᠡᠭᠦᠯᠵᠦ᠂ ᠬᠠᠷᠢᠶᠠᠳ᠋ᠤ ᠤᠷᠤᠨ ᠤ ᠠᠮᠤᠷ ᠲᠦ᠋ᠪᠰᠢᠨ ᠢ ᠦᠨᠡᠨᠬᠦ ᠪᠠᠲᠤᠯᠠᠪᠠ᠃ (ᠯᠸᠢ ᠫᠠᠩ)

ᠡᠮᠦᠨᠡᠬᠢ᠄ ᠴᠢᠪᠠᠭᠠᠳ᠋ᠤ ᠰᠤᠮᠤ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠪᠠᠢ᠌ᠴᠠᠭᠠᠨ ᠰᠤᠳ᠋ᠤᠯᠤᠯᠳ᠋ᠠ ᠶᠢᠨ ᠠᠵᠢᠯᠯᠠᠭ᠎ᠠ ᠦᠷᠨᠢᠭᠦᠯᠪᠡ
ᠳᠠᠷᠠᠭᠠᠬᠢ᠄ ᠦᠯᠵᠡᠢ᠌ᠮᠦ᠋ᠷᠡᠨ ᠰᠤᠮᠤ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠪᠠᠢ᠌ᠴᠠᠭᠠᠨ ᠰᠤᠳ᠋ᠤᠯᠬᠤ ᠠᠵᠢᠯᠯᠠᠭ᠎ᠠ ᠦᠷᠨᠢᠭᠦᠯᠪᠡ