ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠬᠠᠮᠳ᠋ᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠺᠠᠳ᠋ᠷ ᠠᠵᠢᠯᠳ᠋ᠡᠳ ᠤᠨ ᠬᠤᠷᠠᠯ ᠬᠤᠷᠠᠯᠳ᠋ᠤᠭᠤᠯᠪᠠ
4 ᠰᠠᠷ᠎ᠠ ᠶᠢᠨ 7 ᠦ ᠡᠳ᠋ᠦᠷ ᠦᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠲᠦ᠋ᠪᠯᠡᠷᠡᠭᠦᠯᠦᠨ ᠰᠤᠷᠤᠯᠴᠠᠬᠤ ᠬᠤᠷᠠᠯ ᠵᠢᠴᠢ ᠺᠠᠳ᠋ᠷ ᠠᠵᠢᠯᠳ᠋ᠡᠳ ᠤᠨ ᠬᠤᠷᠠᠯ ᠬᠤᠷᠠᠯᠳ᠋ᠤᠭᠤᠯᠵᠦ᠂《ᠱᠠᠰᠢᠨ ᠰᠤᠷᠳ᠋ᠠᠬᠤᠨ ᠤ ᠶᠠᠪᠤᠳ᠋ᠠᠯ ᠤᠨ ᠲᠥᠷᠢᠮ》 《ᠦᠪᠦᠷ ᠮᠣᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠱᠠᠰᠢᠨ ᠰᠤᠷᠳ᠋ᠠᠬᠤᠨ ᠤ ᠶᠠᠪᠤᠳ᠋ᠠᠯ ᠤᠨ ᠲᠥᠷᠢᠮ》 ᠵᠡᠷᠭᠡ ᠠᠭᠤᠯᠭ᠎ᠠ ᠶᠢ ᠲᠦ᠋ᠪᠯᠡᠷᠡᠭᠦᠯᠦᠨ ᠰᠤᠷᠤᠯᠴᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠬᠤᠷᠠᠯ ᠳᠤ ᠰᠠᠭᠠᠳ᠋ᠠᠭᠰᠠᠨ ᠪᠦᠭᠡᠳ ᠶᠡᠷᠢᠶ᠎ᠠ ᠲᠠᠯᠪᠢᠵᠦ᠂ ᠲᠡᠳ᠋ ᠡᠷᠬᠢᠯᠡᠭ᠍ᠴᠢ ᠵᠠᠩ ᠶᠦ᠋ᠩ ᠴᠢᠶᠠᠩ᠂ ᠶᠡᠩ ᠵᠸᠨ ᠴᠢᠩ ᠬᠤᠷᠠᠯ ᠳᠤ ᠰᠠᠭᠠᠲᠠᠨ᠂ ᠪᠠᠢ᠌ᠭᠤᠯᠭ᠎ᠠ ᠶᠢᠨ ᠨᠠᠮ ᠤᠨ ᠡᠭᠦᠷ ᠦᠨ ᠲᠡᠳ᠋ ᠱᠦ᠋ᠵᠢ ᠯᠢᠶᠠᠩ ᠭᠦᠸᠸ ᠺᠠᠢ ᠬᠤᠷᠠᠯ ᠡᠷᠬᠢᠯᠡᠪᠡ᠃

ᠬᠤᠷᠠᠯ ᠲᠡᠭᠡᠷ᠎ᠠ᠂ ᠡᠦ ᠴᠢᠩ ᠬᠠᠢ ᠣᠢ᠌ᠷ᠎ᠠ ᠶᠢᠨ ᠬᠤᠭᠤᠴᠠᠭᠠᠨ ᠤ ᠠᠵᠢᠯ ᠳᠤ ᠲᠤᠬᠢᠷᠠᠭᠤᠯᠤᠯᠳ᠋ᠠ ᠪᠠᠢ᠌ᠷᠢᠯᠠᠭᠤᠯᠤᠯᠳ᠋ᠠ ᠬᠢᠭ᠍ᠰᠡᠨ ᠪᠦᠭᠡᠳ《ᠬᠡᠷᠬᠢᠨ ᠠᠯᠪᠠᠨ ᠭᠡᠷ ᠤᠨ ᠵᠦ᠋ᠪᠯᠡᠨ ᠲᠤᠰᠠᠯᠠᠬᠤ ᠦᠢᠯᠡᠳ᠋ᠦᠯ ᠢᠶᠡᠨ ᠪᠠᠳ᠋ᠠᠷᠠᠭᠤᠯᠵᠦ᠂ ᠪᠢᠴᠢᠭ᠌ ᠮᠠᠲ᠋ᠸᠷᠢᠶᠠᠯ ᠰᠢ᠌ᠳᠪᠦᠷᠢᠯᠡᠬᠦ ᠬᠤᠷᠠᠯ ᠡᠷᠬᠢᠯᠡᠬᠦ ᠴᠢᠳ᠋ᠠᠪᠤᠷᠢ ᠪᠠᠨ ᠲᠡᠭᠡᠭ᠍ᠰᠢᠯᠡᠭᠦᠯᠬᠦ ᠪᠣᠢ ᠭᠡᠬᠦ ᠰᠡᠳ᠋ᠦᠪ ᠶᠢᠡᠷ ᠲᠤᠰᠬᠠᠢ ᠰᠡᠳ᠋ᠦᠪᠳ᠋ᠦ ᠬᠢᠴᠢᠶᠡᠯ ᠤᠷᠤᠪᠠ᠃
ᠬᠤᠷᠠᠯ ᠡᠴᠡ᠂ ᠠᠯᠪᠠᠨ ᠭᠡᠷ ᠢ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ᠂ ᠪᠠᠢ᠌ᠩᠭ᠋ᠤ ᠶᠢᠨ ᠬᠤᠷᠢᠶᠠᠨ ᠤ ᠬᠤᠷᠠᠯ᠂ ᠡᠷᠬᠢᠯᠡᠭ᠍ᠴᠢ ᠶᠢᠨ ᠬᠣᠷᠠᠯ ᠳᠤ ᠦᠢᠯᠡᠴᠢᠯᠡᠬᠦ ᠶᠢ ᠲᠡᠷᠢᠭᠦᠨ ᠡᠭᠦᠷᠭᠡ ᠪᠣᠯᠭᠠᠨ᠂ ᠰᠢ᠌ᠳᠪᠦᠷᠢᠳ᠋ᠦ ᠪᠣᠳ᠋ᠤᠯᠭ᠎ᠠ ᠲᠤᠭᠳ᠋ᠠᠭᠠᠬᠤ ᠳᠤ ᠤᠷᠤᠯᠴᠠᠬᠤ ᠴᠢᠳ᠋ᠠᠪᠣᠷᠢ᠂ ᠶᠡᠷᠦᠩᠬᠡᠢ᠌ᠯᠡᠨ ᠵᠤᠬᠢᠴᠠᠭᠤᠯᠬᠤ ᠴᠢᠳ᠋ᠠᠪᠤᠷᠢ ᠪᠠᠨ ᠲᠠᠰᠤᠷᠠᠯᠳ᠋ᠡ ᠦᠭᠡᠶ ᠲᠡᠭᠡᠭ᠍ᠰᠢᠯᠡᠭᠦᠯᠵᠦ᠂ ᠪᠠᠢ᠌ᠩᠭ᠋ᠤ ᠶᠢᠨ ᠬᠤᠷᠢᠶᠠᠨ ᠤ ᠬᠠᠦᠯᠢ ᠶᠤᠰᠤᠭᠠᠷ ᠲᠤᠰᠢᠶᠠᠯ ᠶᠢᠡᠨ ᠭᠦᠢᠴᠡᠳᠭᠡᠬᠦ ᠳ᠋ᠦ ᠦᠢᠯᠡᠴᠢᠯᠡᠭᠡᠨ ᠦ ᠪᠠᠳ᠋ᠤᠯᠠᠭ᠎ᠠ ᠬᠠᠩᠭ᠋ᠠᠬᠤ ᠬᠡᠷᠡᠭ᠍ᠲᠡᠢ ᠭᠡᠵᠦ ᠴᠢᠩᠭ᠋ᠠᠳᠬᠠᠪᠠ᠃
ᠬᠤᠷᠠᠯ ᠲᠡᠭᠡᠷ᠎ᠠ ᠪᠠᠰᠠ ᠬᠤᠰᠢᠭᠤᠨ ᠤ ᠰᠠᠬᠢᠯᠭ᠎ᠠ ᠪᠠᠲᠦ ᠪᠠᠢ᠌ᠴᠠᠭᠠᠬᠤ ᠬᠤᠷᠢᠶᠠᠨ ᠤ《〈ᠠᠷᠢᠬᠢᠨ ᠰᠢᠷᠡᠭᠡᠨ ᠦ ᠰᠤᠶᠤᠯ〉 ᠤᠨ ᠠᠰᠠᠭᠤᠳ᠋ᠠᠯ ᠤᠨ ᠨᠡᠢ᠌ᠳ᠋ᠡᠯᠢᠭ᠌ ᠬᠡᠷᠡᠭ᠌ ᠦᠨ ᠵᠢᠱᠢᠶ᠎ᠠ ᠶᠢᠨ ᠲᠤᠬᠠᠢ ᠵᠠᠷᠯᠠᠯ》 ᠢ ᠨᠡᠢ᠌ᠳ᠋ᠡᠯᠡᠭ᠍ᠰᠡᠨ ᠪᠦᠭᠡᠳ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠢ᠌ᠭᠤᠯᠬᠤ ᠬᠡᠯᠲᠡᠰ ᠦᠨ 《ᠠᠯᠪᠠᠨ ᠲᠤᠰᠢᠶᠠᠯᠳ᠋ᠠᠨ ᠤ ᠦᠨᠡᠨᠴᠢ ᠢᠳ᠋ᠡᠭᠡᠮᠵᠢ ᠶᠢᠨ ᠬᠦᠮᠦᠵᠢᠯ ᠢ ᠦᠷᠨᠢᠭᠦᠯᠬᠦ ᠲᠤᠬᠠᠢ ᠮᠡᠳ᠋ᠡᠭ᠍ᠳ᠋ᠡᠯ》 ᠢ ᠤᠯᠠᠮᠵᠢᠯᠠᠨ ᠰᠤᠷᠤᠯᠴᠠᠪᠠ᠃ (ᠯᠸᠢ ᠫᠠᠩ )