ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠬᠤᠩᠬᠠᠳ᠋ᠤ ᠪᠠᠯᠭᠠᠰᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠠᠬᠤ ᠠᠵᠢᠯᠯᠠᠭ᠎ᠠ ᠦᠷᠨᠢᠭᠦᠯᠪᠡ

      4 ᠰᠠᠷ᠎ᠠ ᠶᠢᠨ 11 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠬᠤᠩᠬᠠᠳ᠋ᠤ ᠪᠠᠯᠭᠠᠰᠤᠨ ᠳᠤ ᠬᠦᠷᠴᠦ᠂ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠡᠨ᠂ 2023 ᠣᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠥᠷᠦᠯ ᠵᠦ᠋ᠢᠯ ᠢ ᠲᠤᠬᠠᠢ ᠶᠢᠨ ᠲᠠᠯᠠᠪᠤᠷ ᠲᠤ ᠪᠠᠢ᠌ᠴᠠᠭᠠᠨ ᠦᠵᠡᠵᠦ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠠᠵᠢᠯ ᠳᠤ ᠠᠷᠠᠳ ᠤᠨ ᠲᠦ᠋ᠯᠦᠭᠡᠯᠡᠭ᠍ᠴᠢᠳ ᠠᠵᠤ ᠦᠢᠯᠡᠰ ᠦᠨ ᠬᠦᠭ᠍ᠵᠢᠯᠳ᠋ᠡ ᠶᠢ ᠬᠠᠪᠰᠤᠷᠤᠨ ᠠᠬᠢᠭᠤᠯᠵᠤ ᠪᠠᠢ᠌ᠬᠤ ᠪᠠᠢ᠌ᠳ᠋ᠠᠯ ᠢ ᠭᠦᠨᠵᠡᠭᠡᠢ ᠤᠢ᠌ᠯᠠᠭᠠᠪᠠ᠃

        
          ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠠᠬᠤ ᠦᠶᠡᠰ᠂ ᠡᠦ ᠴᠢᠩ ᠬᠠᠢ ᠰᠠᠨᠠᠯ  ᠢᠶᠡᠨ ᠨᠢᠭᠤᠷᠳ᠋ᠡᠨ ᠶᠠᠷᠢᠯᠴᠠᠬᠤ ᠪᠠᠷ ᠲᠠᠮᠵᠢᠨ᠂ ᠠᠷᠠᠳ ᠤᠨ ᠲᠦ᠋ᠯᠦᠭᠡᠯᠡᠭ᠍ᠴᠢᠳ ᠦᠨ ᠬᠤᠷᠠᠯ ᠲᠡᠭᠦᠰᠦᠭ᠍ᠰᠡᠨ ᠬᠤᠭᠤᠴᠠᠭᠠᠨ ᠳ᠋ᠠᠬᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠠᠵᠢᠯᠯᠠᠭ᠎ᠠ᠂ ᠦᠢᠯᠡᠳ᠋ᠦᠯ  ᠢᠶᠡᠨ ᠪᠠᠳ᠋ᠠᠷᠠᠭᠤᠯᠤᠭᠰᠠᠨ ᠪᠠᠢ᠌ᠳ᠋ᠠᠯ ᠢ ᠨᠠᠷᠢᠯᠢᠭ ᠣᠢ᠌ᠯᠠᠭᠠᠬᠤ ᠶᠢᠨ ᠬᠠᠮᠳ᠋ᠤ᠂ ᠠᠷᠠᠳ ᠤᠨ ᠲᠦ᠋ᠯᠦᠭᠡᠯᠡᠭ᠍ᠴᠢᠳ ᠦᠨ ᠠᠵᠤ ᠦᠢᠯᠡᠰ ᠦᠨ ᠬᠦᠭ᠍ᠵᠢᠯᠳ᠋ᠡ ᠶᠢ ᠬᠠᠪᠰᠤᠷᠤᠨ ᠠᠬᠢᠭᠤᠯᠵᠤ᠂ ᠤᠯᠠᠨ ᠲᠦ᠋ᠮᠡᠨ ᠢ ᠲᠠᠭᠠᠭᠤᠯᠤᠨ ᠤᠷᠤᠯᠭ᠎ᠠ ᠶᠢ ᠨᠡᠡᠮᠭ᠍ᠳ᠋ᠡᠭᠦᠯᠵᠦ ᠪᠠᠶᠠᠵᠢᠨ ᠴᠢᠨᠡᠭᠡᠯᠢᠭ᠍ᠵᠢᠭᠦᠯᠬᠦ ᠪᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠲᠤᠮᠲᠡ ᠲᠤᠬᠢᠶᠠᠯᠳ᠋ᠤᠬᠰᠡᠨ ᠬᠦᠴᠢᠷ ᠠᠰᠠᠭᠤᠳ᠋ᠠᠯ ᠢ ᠨᠠᠷᠢᠨ ᠬᠢᠨᠠᠮᠠᠭᠠᠢ ᠰᠤᠨᠤᠰᠪᠠ᠃

       
        ᠰᠠᠨᠠᠯ ᠶᠠᠷᠢᠯᠴᠠᠬᠤ ᠲᠤᠮᠲᠡ᠂ ᠡᠦ ᠴᠢᠩ ᠬᠠᠢ ᠡᠴᠡ ᠠᠷᠠᠳ ᠤᠨ ᠲᠦ᠋ᠯᠦᠭᠡᠯᠡᠭ᠍ᠴᠢᠳ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠨ᠂ ᠤᠯᠠᠨ ᠲᠦ᠋ᠮᠡᠨ ᠲᠡᠶ ᠤᠢ᠌ᠷᠠᠳ᠋ᠤᠬᠤ ᠲᠠᠪᠠᠭᠤᠯᠢᠭ ᠶᠢᠡᠨ ᠭᠦᠢᠴᠡᠳ ᠪᠠᠳ᠋ᠠᠷᠠᠭᠤᠯᠵᠤ᠂ ᠠᠷᠠᠳ ᠤᠨ ᠪᠠᠢ᠌ᠳ᠋ᠠᠯ ᠢ ᠨᠠᠷᠢᠯᠢᠭ ᠤᠢ᠌ᠯᠠᠭᠠᠨ᠂ ᠤᠯᠠᠨ ᠲᠦ᠋ᠮᠡᠨ ᠦ ᠠᠰᠠᠭᠤᠳ᠋ᠠᠯ ᠢ ᠲᠡᠷᠡ ᠲᠠᠷᠤᠢ ᠳ᠋ᠤᠨᠢ ᠲᠤᠰᠬᠠᠵᠦ᠂ ᠠᠷᠠᠳ ᠲᠦ᠋ᠮᠡᠨ ᠡᠴᠡ ᠤᠯᠭᠤᠭᠰᠠᠨ ᠡᠷᠬᠡ ᠪᠡᠨ ᠠᠷᠠᠳ ᠲᠦ᠋ᠮᠡᠨ ᠦ ᠠᠰᠢᠭ ᠲᠤᠰᠠ ᠳᠤ ᠬᠡᠷᠡᠭ᠍ᠵᠢᠭᠦᠯᠵᠦ᠂ ᠪᠦᠬᠦ ᠬᠣᠰᠢᠭᠤᠨ ᠤ ᠠᠵᠤ ᠠᠬᠤᠢ ᠨᠡᠢ᠌ᠭᠡᠮ ᠦᠨ ᠴᠢᠨᠠᠷ ᠰᠠᠢ᠌ᠲᠠᠢ ᠬᠦᠭ᠍ᠵᠢᠯᠳ᠋ᠡ ᠳ᠋ᠦ ᠠᠷᠠᠳ ᠤᠨ ᠲᠦ᠋ᠯᠦᠭᠡᠯᠡᠭ᠍ᠴᠢ ᠶᠢᠨ ᠬᠤᠪᠢ ᠨᠡᠮᠡᠷᠢ ᠪᠡᠨ ᠡᠷᠭᠦᠬᠦ ᠬᠡᠷᠡᠭ᠍ᠲᠡᠢ ᠭᠡᠵᠦ ᠰᠠᠭᠠᠷᠳ᠋ᠠᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠡᠨ ᠤ ᠲᠡᠳ᠋ ᠡᠷᠬᠢᠯᠡᠭ᠍ᠴᠢ ᠶᠡᠩ ᠵᠸᠨ ᠴᠢᠩ ᠦᠨᠡᠭᠡᠴᠢ ᠮᠠᠯᠵᠢᠯ ᠤᠨ ᠲᠠᠯᠠᠪᠠᠢ ᠶᠢᠨ ᠪᠠᠭ᠎ᠠ ᠰᠤᠷᠭᠠᠭᠤᠯᠢ ᠳᠤ ᠬᠦᠷᠴᠦ ᠪᠠᠢ᠌ᠴᠠᠭᠠᠨ ᠰᠤᠳ᠋ᠤᠯᠤᠯᠳ᠋ᠠ ᠦᠷᠨᠢᠭᠦᠯᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠰᠢᠶᠠᠩᠱᠠᠨ ᠪᠠᠯᠭᠠᠰᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠠᠬᠤ ᠠᠵᠢᠯᠯᠠᠭ᠎ᠠ ᠦᠷᠨᠢᠭᠦᠯᠪᠡ