ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠰᠢᠶᠠᠩᠱᠠᠨ ᠪᠠᠯᠭᠠᠰᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠠᠬᠤ ᠠᠵᠢᠯᠯᠠᠭ᠎ᠠ ᠦᠷᠨᠢᠭᠦᠯᠪᠡ

4 ᠰᠠᠷ᠎ᠠ ᠶᠢᠨ 12 ᠦ ᠡᠳ᠋ᠦᠷ᠂ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠰᠢᠶᠠᠩᠱᠠᠨ ᠪᠠᠯᠭᠠᠰᠤᠨ ᠳᠤ ᠬᠦᠷᠴᠦ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠬᠠᠷᠢᠭᠤ ᠮᠡᠳ᠋ᠡᠭᠦᠯᠦᠯᠳ᠋ᠡ ᠰᠤᠨᠤᠰᠬᠤ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠵᠤ ᠰᠠᠨᠠᠯ ᠶᠢᠡᠨ ᠰᠤᠯᠢᠯᠴᠠᠬᠤ ᠵᠡᠷᠭᠡ ᠬᠡᠯᠪᠡᠷᠢ ᠪᠡᠷ ᠲᠠᠮᠵᠢᠨ᠂ ᠠᠷᠠᠳ ᠤᠨ ᠲᠦ᠋ᠯᠦᠭᠡᠯᠡᠭ᠍ᠴᠢᠳ ᠦᠨ ᠰᠠᠨᠠᠯ ᠰᠠᠨᠠᠭᠤᠯᠭ᠎ᠠ ᠶᠢ ᠰᠤᠨᠤᠰᠤᠭᠰᠠᠨ ᠪᠦᠭᠡᠳ ᠲᠠᠷᠠᠭᠠᠴᠢ ᠪᠡᠷ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠢ ᠰᠠᠢ᠌ᠳ᠋ᠤᠷ ᠬᠢᠬᠦ ᠳ᠋ᠦ ᠱᠠᠭᠠᠷᠳ᠋ᠠᠯᠭ᠎ᠠ ᠲᠤᠷᠠᠳᠪᠠ᠃
ᠵᠠᠩ ᠶᠦ᠋ᠩ ᠴᠢᠶᠠᠩ ᠶᠠᠭᠤᠨ ᠤ ᠤᠷᠢᠳ ᠵᠠᠷᠤᠳ ᠬᠣᠰᠢᠭᠤᠨ ᠤ ᠰᠢᠶᠠᠩᠱᠠᠨ ᠲᠡᠵᠢᠭᠡᠪᠦᠷᠢ ᠶᠢᠨ ᠲᠤᠰᠬᠠᠢ ᠬᠣᠷᠰᠢᠶᠠᠵᠢᠯ ᠳᠤ ᠬᠦᠷᠴᠦ᠂ ᠬᠤᠷᠰᠢᠶᠠᠵᠢᠯ ᠤᠨ ᠪᠠᠢ᠌ᠭᠤᠯᠤᠯᠳ᠋ᠠ ᠶᠢᠨ ᠪᠠᠢ᠌ᠳ᠋ᠠᠯ ᠪᠤᠯᠤᠨ ᠲᠡᠵᠢᠭᠡᠪᠦᠷᠢ ᠶᠢᠨ ᠬᠡᠪᠴᠢᠶ᠎ᠠ ᠶᠢ ᠪᠠᠢ᠌ᠴᠠᠭᠠᠨ ᠦᠵᠡᠭ᠍ᠰᠡᠨ ᠪᠦᠭᠡᠳ ᠵᠢᠯᠤᠭᠤᠳᠬᠤ ᠴᠢᠨᠠᠷᠳ᠋ᠠᠢ ᠰᠠᠨᠠᠭᠤᠯᠭ᠎ᠠ ᠲᠤᠷᠠᠳᠪᠠ᠃ ᠲᠠᠷᠠᠭ᠎ᠠ ᠨᠢ ᠰᠢᠶᠠᠩᠱᠠᠨ ᠪᠠᠯᠭᠠᠰᠤᠨ ᠤ ᠠᠷᠠᠳ ᠲᠦ᠋ᠯᠦᠭᠡᠯᠡᠭ᠍ᠴᠢ ᠶᠢᠨ ᠭᠡᠷ ᠪᠦᠯᠢ ᠳ᠋ᠦ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ᠂ ᠵᠢᠯ ᠦᠨ ᠡᠬᠢᠨ ᠡᠴᠡ ᠨᠠᠭᠠᠰᠢᠬᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ᠂ ᠠᠷᠠᠳ ᠤᠨ ᠲᠦ᠋ᠯᠦᠭᠡᠯᠡᠭ᠍ᠴᠢ ᠶᠢᠨ ᠠᠵᠢᠯᠯᠠᠭ᠎ᠠ ᠦᠷᠨᠢᠭᠦᠯᠦᠭ᠍ᠰᠡᠨ ᠪᠠᠢ᠌ᠳ᠋ᠠᠯ ᠤᠨ ᠪᠣᠳ᠋ᠠᠳ᠋ᠠᠢ ᠠᠭᠤᠯᠭ᠎ᠠ ᠪᠤᠯᠤᠨ ᠲᠠᠷᠠᠭᠠᠴᠢ ᠶᠢᠨ ᠠᠵᠢᠯ ᠤᠨ ᠲᠤᠬᠢᠷᠠᠭᠤᠯᠤᠯᠳ᠋ᠠ ᠶᠢ ᠰᠤᠨᠤᠰᠪᠠ᠃ ᠬᠤᠷᠠᠯ ᠲᠡᠭᠡᠷ᠎ᠠ ᠪᠠᠰᠠ ᠤᠳ᠋ᠤᠬᠠᠨ ᠤ ᠤᠢ ᠰᠢᠭᠤᠢ ᠨᠤᠲᠤᠭ ᠪᠡᠯᠴᠢᠭᠡᠷ ᠦᠨ ᠲᠦ᠋ᠢᠮᠡᠷ ᠢ ᠰᠡᠷᠭᠡᠢ᠌ᠯᠡᠨ ᠤᠨᠲᠠᠷᠠᠭᠠᠬᠤ ᠠᠵᠢᠯ ᠢ ᠰᠠᠢ᠌ᠳ᠋ᠤᠷ ᠬᠢᠬᠦ ᠲᠤᠬᠠᠢ ᠰᠠᠨᠠᠯ ᠰᠠᠨᠠᠭᠤᠯᠭ᠎ᠠ ᠲᠤᠷᠠᠳᠪᠠ᠃
ᠰᠠᠭᠤᠳ᠋ᠠᠯ ᠤᠨ ᠬᠤᠷᠠᠯ ᠲᠡᠭᠦᠰᠦᠭ᠍ᠰᠡᠨ ᠦ ᠲᠠᠷᠠᠭ᠎ᠠ᠂ ᠵᠠᠩ ᠶᠦ᠋ᠩ ᠴᠢᠶᠠᠩ ᠬᠤᠳ᠋ᠠ ᠬᠣᠰᠢᠭᠤ ᠬᠤᠶᠠᠷ ᠱᠠᠳ᠋ᠤᠨ ᠤ ᠬᠡᠰᠡᠭ᠌ ᠠᠷᠠᠳ ᠤᠨ ᠲᠦ᠋ᠯᠦᠭᠡᠯᠡᠭ᠍ᠴᠢ ᠲᠡᠶ ᠬᠠᠷᠢᠯᠴᠡᠵᠦ᠂ ᠲᠦ᠋ᠯᠦᠭᠡᠯᠡᠭ᠍ᠴᠢᠳ ᠦᠨ ᠬᠤᠷᠠᠯ ᠲᠡᠭᠦᠰᠦᠭ᠍ᠰᠡᠨ ᠬᠤᠭᠤᠴᠠᠭᠠᠨ ᠳ᠋ᠠᠬᠢ ᠠᠵᠢᠯᠯᠠᠭ᠎ᠠ ᠦᠷᠨᠢᠭᠦᠯᠦᠭ᠍ᠰᠡᠨ ᠪᠠᠢ᠌ᠳ᠋ᠠᠯ ᠪᠣᠯᠣᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠪᠠᠢ᠌ᠳ᠋ᠠᠯ ᠢ ᠨᠠᠷᠢᠨ ᠬᠢᠨᠠᠮᠠᠭᠠᠢ ᠤᠢ᠌ᠯᠠᠭᠠᠪᠠ᠃ ᠵᠠᠩ ᠶᠦ᠋ᠩ ᠴᠢᠶᠠᠩ ᠡᠴᠡ᠂ ᠠᠷᠠᠳ ᠤᠨ ᠲᠦ᠋ᠯᠦᠭᠡᠯᠡᠭ᠍ᠴᠢ ᠦᠨᠳ᠋ᠦᠰᠦᠨ ᠱᠠᠳ᠋ᠤᠨ ᠤ ᠡᠮᠦᠨ᠎ᠠ ᠹᠷᠤᠨᠲ ᠲᠤ ᠪᠠᠢ᠌ᠵᠤ᠂ ᠤᠯᠠᠨ ᠲᠦ᠋ᠮᠡᠨ ᠲᠡᠶ ᠬᠠᠮᠤᠭ ᠤᠯᠠᠨ ᠤᠢ᠌ᠷᠠᠳ᠋ᠤᠬᠤ ᠲᠠᠪᠠᠭᠤᠯᠢᠭ ᠶᠢᠡᠨ ᠪᠠᠳ᠋ᠠᠷᠠᠭᠤᠯᠤᠨ᠂ ᠵᠤᠷᠢᠬᠲᠠᠢ ᠪᠠᠷ ᠰᠠᠨᠠᠯ ᠵᠦ᠋ᠪᠯᠡᠯᠭᠡ ᠲᠤᠷᠠᠳᠴᠦ᠂ ᠨᠡᠢ᠌ᠭᠡᠮ ᠦᠨ ᠪᠠᠢ᠌ᠳ᠋ᠠᠯ ᠠᠷᠠᠳ ᠤᠨ ᠰᠠᠨᠠᠭ᠎ᠠ ᠶᠢ ᠲᠡᠷᠡ ᠲᠠᠷᠤᠢ ᠳ᠋ᠤᠨᠢ ᠲᠤᠰᠬᠠᠨ᠂ ᠠᠷᠠᠳ ᠤᠨ ᠲᠦ᠋ᠯᠦᠭᠡᠯᠡᠭ᠍ᠴᠢ ᠶᠢᠨ ᠬᠦᠬᠦᠷᠭᠡ ᠬᠤᠯᠪᠤᠭᠠᠰᠤ ᠶᠢᠨ ᠦᠢᠯᠡᠳ᠋ᠦᠯ ᠶᠢᠡᠨ ᠭᠦᠢᠴᠡᠳ ᠪᠠᠳ᠋ᠠᠷᠠᠭᠤᠯᠵᠤ᠂ ᠵᠠᠷᠤᠳ ᠬᠣᠰᠢᠭᠤᠨ ᠤ ᠠᠵᠤ ᠠᠬᠤᠢ ᠨᠡᠢ᠌ᠭᠡᠮ ᠦᠨ ᠰᠠᠢ᠌ᠨ ᠪᠦᠭᠡᠳ ᠲᠥᠷᠭᠡᠨ ᠬᠦᠭ᠍ᠵᠢᠯᠳ᠋ᠡ ᠶᠢ ᠠᠬᠢᠭᠤᠯᠬᠤ ᠬᠡᠷᠡᠭ᠍ᠲᠡᠢ ᠭᠡᠵᠦ ᠱᠠᠭᠠᠷᠳ᠋ᠠᠪᠠ᠃ (ᠯᠸᠢ ᠫᠠᠩ)