ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶ᠎ᠠ ᠵᠡᠭᠡᠯᠢ ᠭᠤᠳ᠋ᠤᠮᠵᠢ ᠶᠢᠨ ᠨᠡᠢ᠌ᠭᠡᠮ ᠲᠤᠭᠤᠷᠢᠭ ᠤᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ
4 ᠰᠠᠷ᠎ᠠ ᠶᠢᠨ 12 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠶᠡᠩ ᠵᠸᠨ ᠴᠢᠩ ᠯᠦ᠋ᠪᠸᠢ ᠪᠠᠯᠭᠠᠰᠤᠨ ᠤ ᠨᠠᠮ ᠪᠠ ᠤᠯᠠᠨ ᠲᠦ᠋ᠮᠡᠨ ᠦ ᠦᠢᠯᠡᠴᠢᠯᠡᠭᠡᠨ ᠦ ᠲᠥᠪ ᠲᠤ ᠬᠥᠷᠴᠦ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠵᠡᠭᠡᠯᠢ ᠭᠤᠳ᠋ᠤᠮᠵᠢ ᠶᠢᠨ ᠨᠡᠢ᠌ᠭᠡᠮ ᠲᠤᠭᠤᠷᠢᠭ ᠤᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠰᠠᠭᠤᠳ᠋ᠠᠯ ᠤᠨ ᠬᠤᠷᠠᠯ ᠬᠤᠷᠠᠯᠳ᠋ᠤᠭᠤᠯᠵᠤ᠂ ᠯᠦ᠋ᠪᠸᠢ ᠵᠡᠭᠡᠯᠢ ᠭᠤᠳ᠋ᠤᠮᠵᠢ ᠶᠢᠨ ᠨᠡᠢ᠌ᠭᠡᠮ ᠲᠤᠭᠤᠷᠢᠭ ᠤᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠦᠷᠨᠢᠭᠦᠯᠦᠭ᠍ᠰᠡᠨ ᠪᠠᠢ᠌ᠳ᠋ᠠᠯ ᠢ ᠭᠦᠨᠵᠡᠭᠡᠢ ᠤᠢ᠌ᠯᠠᠭᠠᠪᠠ᠃

ᠬᠤᠷᠠᠯ ᠲᠡᠭᠡᠷ᠎ᠠ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠪᠠ ᠤᠯᠠᠨ ᠲᠦ᠋ᠮᠡᠨ ᠦ ᠠᠩᠬᠠᠷᠴᠦ ᠪᠠᠢ᠌ᠬᠤ ᠠᠰᠠᠭᠤᠳ᠋ᠠᠯ ᠤᠨ ᠲᠤᠭᠤᠷᠢᠨ ᠳᠤ ᠰᠠᠨᠠᠯ ᠶᠢᠡᠨ ᠶᠠᠷᠢᠯᠴᠡᠭ᠍ᠰᠡᠨ ᠪᠦᠭᠡᠳ ᠨᠡᠢ᠌ᠭᠡᠮ ᠲᠤᠭᠤᠷᠢᠭ ᠤᠨ ᠪᠣᠳ᠋ᠠᠳ᠋ᠠᠢ ᠪᠠᠢ᠌ᠳ᠋ᠠᠯ ᠲᠡᠶ ᠤᠶᠠᠯᠳ᠋ᠤᠭᠤᠯᠤᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤ ᠲᠤᠬᠠᠢ ᠰᠠᠨᠠᠯ ᠶᠢᠡᠨ ᠭᠦᠨᠵᠡᠭᠡᠢ ᠰᠤᠯᠢᠯᠴᠡᠨ᠂ ᠲᠠᠷᠠᠭᠠᠴᠢ ᠪᠠᠷ ᠲᠤᠰᠢᠶᠠᠯ ᠬᠠᠷᠢᠭᠤᠴᠠᠯᠭ᠎ᠠ ᠪᠠᠨ ᠬᠡᠷᠬᠢᠨ ᠨᠡᠩ ᠰᠠᠢ᠌ᠨ ᠭᠦᠢᠴᠡᠳᠭᠡᠵᠦ ᠤᠯᠠᠨ ᠲᠦ᠋ᠮᠡᠨ ᠳ᠋ᠦ ᠦᠢᠯᠡᠴᠢᠯᠡᠬᠦ ᠲᠤᠬᠠᠢ ᠰᠢᠨ᠎ᠠ ᠰᠡᠳᠭᠢᠴᠡ ᠬᠠᠩᠭ᠋ᠠᠪᠠ᠃
ᠡᠦ ᠴᠢᠩ ᠬᠠᠢ ᠨᠡᠷ ᠬᠡᠰᠡᠭ᠌ ᠠᠷᠠᠳ ᠤᠨ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠶᠠᠷᠢᠶ᠎ᠠ ᠶᠢ ᠰᠤᠨᠤᠰᠤᠭᠰᠠᠨ ᠤ ᠲᠠᠷᠠᠭ᠎ᠠ᠂ ᠲᠦ᠋ᠯᠦᠭᠡᠯᠡᠭ᠍ᠴᠢᠳ ᠡᠴᠡ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠦ᠂ ᠲᠤᠬᠠᠢ᠌ᠯᠠᠭᠰᠠᠨ ᠠᠵᠢᠯ ᠪᠤᠯᠤᠨ ᠠᠷᠠᠳ ᠤᠨ ᠲᠦ᠋ᠯᠦᠭᠡᠯᠡᠭ᠍ᠴᠢᠳ ᠦᠨ ᠬᠤᠣᠰ ᠲᠤᠰᠢᠶᠠᠯ ᠬᠠᠷᠢᠭᠤᠴᠠᠯᠭ᠎ᠠ ᠪᠠᠨ ᠰᠠᠢ᠌ᠳ᠋ᠤᠷ ᠭᠦᠢᠴᠡᠳᠭᠡᠨ᠂ ᠠᠷᠠᠳ ᠤᠨ ᠲᠦ᠋ᠯᠦᠭᠡᠯᠡᠭ᠍ᠴᠢ ᠶᠢᠨ ᠬᠦᠳ᠋ᠦᠯᠦᠨ ᠲᠠᠭᠠᠭᠤᠯᠬᠤ ᠦᠢᠯᠡᠳ᠋ᠦᠯ ᠢ ᠦᠨᠡᠨᠬᠦ ᠰᠠᠢ᠌ᠳ᠋ᠤᠷ ᠪᠠᠳ᠋ᠠᠷᠠᠭᠤᠯᠬᠤ ᠶᠢᠨ ᠬᠠᠮᠳ᠋ᠤ ᠯᠦ᠋ᠪᠸᠢ ᠪᠠᠯᠭᠠᠰᠤᠨ ᠤ ᠨᠠᠮ ᠪᠠ ᠤᠯᠠᠨ ᠲᠦ᠋ᠮᠡᠨ ᠦ ᠦᠢᠯᠡᠴᠢᠯᠡᠭᠡᠨ ᠦ ᠲᠥᠪ ᠤᠨ ᠬᠢᠨ ᠲᠠᠪᠴᠠᠩ ᠤᠨ ᠦᠢᠯᠡᠴᠢᠯᠡᠭᠡᠨ ᠦ ᠪᠦᠳ᠋ᠦᠭᠡᠨ ᠪᠠᠢ᠌ᠭᠤᠯᠤᠯᠳ᠋ᠠ ᠪᠠᠨ ᠲᠡᠭᠦᠯᠳ᠋ᠡᠷᠵᠢᠭᠦᠯᠵᠦ᠂ ᠲᠦ᠋ᠯᠦᠭᠡᠯᠡᠭ᠍ᠴᠢᠳ ᠦᠨ ᠠᠵᠢᠯᠯᠠᠭ᠎ᠠ ᠶᠢ ᠪᠠᠶᠠᠯᠢᠭᠵᠢᠭᠤᠯᠤᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠰᠤᠶᠤᠯ ᠤᠨ ᠪᠠᠢ᠌ᠭᠤᠯᠤᠯᠳ᠋ᠠ ᠶᠢ ᠢᠯᠡᠷᠡᠭᠦᠯᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠡᠯ ᠢ ᠢᠳ᠋ᠡᠪᠬᠢᠳ᠋ᠠᠢ ᠦᠢᠯᠡᠳ᠋ᠦᠯᠭᠡᠵᠢᠭᠦᠯᠦᠨ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠴᠢᠨᠠᠷ ᠰᠠᠢ᠌ᠲᠠᠢ ᠬᠦᠭ᠍ᠵᠢᠯᠳ᠋ᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭ᠍ᠲᠡᠢ ᠭᠡᠪᠡ᠃ (ᠯᠸᠢ ᠫᠠᠩ)