ᠲᠦ᠋ᠩᠯᠢᠶᠤᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠢᠨ ᠮᠠᠨ ᠤ ᠬᠤᠰᠢᠭᠤᠨ ᠤ ᠢᠷᠡᠵᠦ《ᠦᠪᠦᠷ ᠮᠣᠩᠭ᠋ᠣᠯ ᠤᠨ ᠦᠪᠡᠷᠳ᠋ᠡᠭᠡᠨ ᠵᠠᠰᠠᠬᠤ ᠤᠷᠤᠨ ᠤ ᠰᠠᠢ᠌ᠨ ᠲᠤᠷ᠎ᠠ ᠶᠢᠨ ᠦᠢᠯᠡᠴᠢᠯᠡᠭᠡᠨ ᠦ ᠲᠥᠷᠢᠮ》 ᠤᠨ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠦᠷᠨᠢᠭᠦᠯᠪᠡ

4 ᠰᠠᠷ᠎ᠠ ᠶᠢᠨ 13 ᠦ ᠡᠳ᠋ᠦᠷ᠂ ᠲᠦ᠋ᠩᠯᠢᠶᠤᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠡᠢ᠌ᠭᠡᠮ ᠦᠨ ᠪᠦᠳ᠋ᠦᠭᠡᠨ ᠪᠠᠢ᠌ᠭᠤᠯᠤᠯᠳ᠋ᠠ ᠶᠢᠨ ᠠᠵᠢᠯ ᠤᠨ ᠵᠦ᠋ᠪᠯᠡᠯ ᠦᠨ ᠡᠷᠬᠢᠯᠡᠭ᠍ᠴᠢ ᠴᠸᠨ ᠬᠤᠸᠡ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠢᠶᠡᠨ ᠲᠠᠭᠠᠭᠤᠯᠤᠨ ᠮᠠᠨ ᠤ ᠬᠤᠰᠢᠭᠤᠨ ᠳᠤ ᠢᠷᠡᠵᠦ《ᠦᠪᠦᠷ ᠮᠣᠩᠭ᠋ᠣᠯ ᠤᠨ ᠦᠪᠡᠷᠳ᠋ᠡᠭᠡᠨ ᠵᠠᠰᠠᠬᠤ ᠤᠷᠤᠨ ᠤ ᠰᠠᠢ᠌ᠨ ᠲᠤᠷ᠎ᠠ ᠶᠢᠨ ᠦᠢᠯᠡᠴᠢᠯᠡᠭᠡᠨ ᠦ ᠲᠥᠷᠢᠮ》 ᠢ ᠲᠤᠭᠤᠰᠢᠯᠠᠭᠤᠯᠵᠤ ᠬᠡᠷᠡᠭ᠍ᠵᠢᠭᠦᠯᠦᠭ᠍ᠰᠡᠨ ᠪᠠᠢ᠌ᠳ᠋ᠠᠯ ᠤᠨ ᠲᠤᠬᠠᠢ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠦᠷᠨᠢᠭᠦᠯᠬᠦ ᠶᠢᠨ ᠬᠠᠮᠳ᠋ᠤ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠡᠩ ᠵᠸᠨ ᠴᠢᠩ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠦᠨᠳ᠋ᠦᠰᠦᠳ᠋ᠡᠨ ᠦ ᠶᠠᠪᠤᠳ᠋ᠠᠯ ᠤᠨ ᠠᠵᠢᠯ ᠤᠨ ᠵᠦ᠋ᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ᠂ ᠬᠤᠳ᠋ᠠ ᠬᠤᠰᠢᠭᠤ ᠬᠤᠶᠠᠷ ᠱᠠᠳ᠋ᠤᠨ ᠤ ᠬᠡᠰᠡᠭ᠌ ᠠᠷᠠᠳ ᠤᠨ ᠲᠦ᠋ᠯᠦᠭᠡᠯᠡᠭ᠍ᠴᠢ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠳᠤ ᠤᠷᠤᠯᠴᠠᠪᠠ᠃
ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠶᠢᠨ ᠲᠤᠭᠤᠢ᠌ᠯᠠᠩ ᠤᠨ ᠬᠢᠨ ᠤᠷᠢᠳ ᠬᠣᠵᠢᠳ ᠬᠤᠰᠢᠭᠤᠨ ᠤ ᠹᠦ᠋ ᠯᠢ ᠴᠥᠨ ᠴᠸᠩ ᠨᠡᠢ᠌ᠭᠡᠮ ᠲᠤᠭᠤᠷᠢᠭ ᠤᠨ ᠰᠢᠨ᠎ᠠ ᠴᠠᠭ ᠥᠶ᠎ᠠ ᠶᠢᠨ ᠪᠣᠯᠪᠠᠰᠤᠨ ᠤ ᠦᠢᠯᠡᠳ᠋ᠦᠯᠭᠡ ᠶᠢᠨ ᠥᠷᠳ᠋ᠡᠭᠡ᠂ ᠯᠦ᠋ᠪᠸᠢ ᠪᠠᠯᠭᠠᠰᠤᠨ ᠤ ᠰᠢᠨ᠎ᠠ ᠴᠠᠭ ᠥᠶ᠎ᠠ ᠶᠢᠨ ᠪᠣᠯᠪᠠᠰᠤᠨ ᠤ ᠦᠢᠯᠡᠳ᠋ᠦᠯᠭᠡ ᠶᠢᠨ ᠭᠠᠵᠠᠷ ᠪᠠ ᠰᠢᠨ᠎ᠠ ᠴᠠᠭ ᠦᠶ᠎ᠠ ᠶᠢᠨ ᠪᠣᠯᠪᠠᠰᠤᠨ ᠤ ᠦᠢᠯᠡᠴᠢᠯᠡᠭᠡ ᠶᠢᠨ ᠦᠢᠯᠡᠳ᠋ᠦᠯᠭᠡᠨ ᠦ ᠲᠥᠪ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠲᠠᠨᠢᠯᠴᠠᠭᠤᠯᠭ᠎ᠠ ᠶᠢ ᠰᠤᠨᠤᠰᠬᠤ᠂ ᠪᠢᠴᠢᠭ᠌ ᠮᠠᠲ᠋ᠸᠷᠢᠶᠠᠯ ᠢ ᠪᠠᠢ᠌ᠴᠠᠭᠠᠬᠤ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ ᠵᠡᠷᠭᠡ ᠬᠡᠯᠪᠡᠷᠢ ᠪᠡᠷ ᠲᠠᠮᠵᠢᠨ᠂ ᠮᠠᠨ ᠤ ᠬᠣᠰᠢᠭᠤᠨ ᠤ ᠰᠠᠢ᠌ᠨ ᠲᠤᠷ᠎ᠠ ᠶᠢᠨ ᠦᠢᠯᠡᠴᠢᠯᠡᠭᠡ ᠶᠢᠨ ᠡᠩᠨᠡᠭᠡᠨ ᠦ ᠪᠠᠢ᠌ᠭᠤᠯᠤᠯᠳ᠋ᠠ᠂ ᠠᠵᠢᠯᠯᠠᠭ᠎ᠠ ᠦᠷᠨᠢᠭᠦᠯᠦᠭ᠍ᠰᠡᠨ ᠪᠠᠢ᠌ᠳ᠋ᠠᠯ ᠢ ᠨᠠᠷᠢᠨ ᠤᠢ᠌ᠯᠠᠭᠠᠵᠤ᠂《ᠦᠪᠦᠷ ᠮᠣᠩᠭ᠋ᠣᠯ ᠤᠨ ᠦᠪᠡᠷᠳ᠋ᠡᠭᠡᠨ ᠵᠠᠰᠠᠬᠤ ᠤᠷᠤᠨ ᠤ ᠰᠠᠢ᠌ᠨ ᠲᠤᠷ᠎ᠠ ᠶᠢᠨ ᠦᠢᠯᠡᠴᠢᠯᠡᠭᠡᠨ ᠦ ᠲᠥᠷᠢᠮ》 ᠤᠨ ᠮᠠᠨ ᠤ ᠬᠤᠰᠢᠭᠤᠨ ᠳᠤ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠤᠭᠰᠠᠨ ᠪᠤᠳ᠋ᠠᠳ᠋ᠠᠢ ᠠᠷᠭ᠎ᠠ ᠠᠪᠴᠠᠯ ᠪᠠ ᠬᠢᠳ᠋ᠡᠯ ᠢ ᠪᠦᠬᠦ ᠲᠠᠯ᠎ᠠ ᠪᠠᠷ ᠡᠵᠡᠮᠰᠢᠪᠡ᠃
ᠪᠠᠢ᠌ᠴᠠᠭᠠᠬᠤ ᠲᠤᠭᠤᠢ᠌ᠯᠠᠩ ᠤᠨ ᠬᠢᠨ ᠮᠠᠨ ᠤ ᠬᠤᠰᠢᠭᠤᠨ ᠤ《ᠦᠪᠦᠷ ᠮᠣᠩᠭ᠋ᠣᠯ ᠤᠨ ᠦᠪᠡᠷᠳ᠋ᠡᠭᠡᠨ ᠵᠠᠰᠠᠬᠤ ᠤᠷᠤᠨ ᠤ ᠰᠠᠢ᠌ᠨ ᠲᠤᠷ᠎ᠠ ᠶᠢᠨ ᠦᠢᠯᠡᠴᠢᠯᠡᠭᠡᠨ ᠦ ᠲᠥᠷᠢᠮ》 ᠢ ᠲᠤᠭᠤᠰᠢᠯᠠᠭᠤᠯᠵᠤ ᠬᠡᠷᠡᠭ᠍ᠵᠢᠭᠦᠯᠦᠭ᠍ᠰᠡᠨ ᠠᠵᠢᠯ ᠳᠤ ᠤᠯᠤᠭᠰᠠᠨ ᠢᠯᠡᠳᠳ᠋ᠡ ᠥᠷ᠎ᠠ ᠪᠦᠳ᠋ᠦᠮᠵᠢ᠂ ᠬᠢᠯᠡᠰ ᠴᠡᠭ᠌ ᠢ ᠭᠦᠢᠴᠡᠳ ᠨᠣᠳ᠋ᠠᠯᠠᠬᠤ ᠶᠢᠨ ᠬᠠᠮᠳ᠋ᠤ ᠪᠤᠳ᠋ᠠᠳ᠋ᠠᠢ ᠰᠠᠨᠠᠯ ᠰᠠᠨᠠᠭᠤᠯᠭ᠎ᠠ ᠲᠤᠷᠠᠳᠪᠠ᠃ ᠪᠠᠢ᠌ᠴᠠᠭᠠᠨ ᠰᠤᠳ᠋ᠤᠯᠬᠤ ᠲᠤᠭᠤᠢ᠌ᠯᠠᠩ ᠡᠴᠡ᠂ ᠨᠢᠭᠡ ᠳ᠋ᠦ᠂《ᠦᠪᠦᠷ ᠮᠣᠩᠭ᠋ᠣᠯ ᠤᠨ ᠦᠪᠡᠷᠳ᠋ᠡᠭᠡᠨ ᠵᠠᠰᠠᠬᠤ ᠤᠷᠤᠨ ᠤ ᠰᠠᠢ᠌ᠨ ᠲᠤᠷ᠎ᠠ ᠶᠢᠨ ᠦᠢᠯᠡᠴᠢᠯᠡᠭᠡᠨ ᠦ ᠲᠥᠷᠢᠮ》 ᠢ ᠰᠤᠷᠤᠯᠴᠠᠨ ᠤᠬᠠᠭᠤᠯᠬᠤ ᠡᠷᠴᠢᠮ ᠢ ᠴᠢᠩᠭ᠋ᠠᠳᠬᠠᠨ᠂ ᠬᠤᠳ᠋ᠠ ᠶᠢᠨ ᠨᠠᠮ ᠤᠨ ᠬᠤᠷᠢᠶᠠᠨ ᠤ ᠰᠠᠢ᠌ᠨ ᠲᠤᠷ᠎ᠠ ᠶᠢᠨ ᠦᠢᠯᠡᠴᠢᠯᠡᠭᠡᠨ ᠦ ᠠᠵᠢᠯ ᠤᠨ ᠱᠠᠭᠠᠷᠳ᠋ᠠᠯᠭ᠎ᠠ ᠶᠢ ᠰᠠᠢ᠌ᠳ᠋ᠤᠷ ᠨᠠᠢ᠌ᠳ᠋ᠠᠪᠤᠷᠢᠵᠢᠭᠤᠯᠵᠤ᠂ ᠰᠠᠢ᠌ᠨ ᠲᠤᠷ᠎ᠠ ᠶᠢᠨ ᠦᠢᠯᠡᠴᠢᠯᠡᠭᠡᠨ ᠦ ᠵᠣᠷᠢᠭ ᠰᠠᠨᠠᠭ᠎ᠠ ᠶᠢ ᠶᠡᠬᠡᠪᠡᠷ ᠪᠠᠳ᠋ᠠᠷᠠᠭᠤᠯᠬᠤ ᠬᠡᠷᠡᠭ᠍ᠲᠡᠢ᠃ ᠬᠤᠶᠠᠷ ᠲᠤ᠂ ᠰᠠᠢ᠌ᠨ ᠲᠤᠷ᠎ᠠ ᠶᠢᠨ ᠦᠢᠯᠡᠴᠢᠯᠡᠭᠡ ᠶᠢ ᠬᠠᠦᠯᠢ ᠶᠤᠰᠤᠭᠠᠷ ᠪᠦᠬᠦ ᠲᠠᠯ᠎ᠠ ᠪᠠᠷ ᠠᠬᠢᠭᠤᠯᠵᠦ᠂ ᠵᠤᠬᠢᠶᠠᠨ ᠪᠠᠢ᠌ᠭᠤᠯᠤᠯᠳ᠋ᠠ ᠶᠢᠨ ᠡᠩᠨᠡᠭᠡ ᠶᠢ ᠪᠤᠵᠠᠭᠠᠢ᠌ᠷᠠᠭᠤᠯᠤᠨ᠂ ᠲᠤᠭᠳ᠋ᠠᠴᠠ ᠶᠢ ᠪᠦᠷᠢᠨᠰᠢᠭᠦᠯᠦᠨ ᠲᠡᠭᠦᠯᠳ᠋ᠡᠷᠵᠢᠭᠦᠯᠵᠦ᠂ ᠠᠭᠤᠯᠭ᠎ᠠ ᠶᠢᠨ ᠬᠡᠯᠪᠡᠷᠢ ᠶᠢ ᠪᠠᠶᠠᠯᠢᠭᠵᠢᠭᠤᠯᠤᠨ᠂ ᠰᠠᠢ᠌ᠨ ᠲᠤᠷ᠎ᠠ ᠶᠢᠨ ᠦᠢᠯᠡᠴᠢᠯᠡᠭᠡᠨ ᠦ ᠪᠠᠳ᠋ᠤᠯᠠᠭ᠎ᠠ ᠶᠢᠨ ᠡᠷᠴᠢᠮ ᠢ ᠴᠢᠩᠭ᠋ᠠᠳᠬᠠᠬᠤ ᠬᠡᠷᠡᠭ᠍ᠲᠡᠢ᠃ ᠭᠤᠷᠪᠠ ᠳᠤ᠂ ᠰᠠᠢ᠌ᠨ ᠲᠤᠷ᠎ᠠ ᠶᠢᠨ ᠦᠢᠯᠡᠴᠢᠯᠡᠭᠡ ᠶᠢ ᠲᠥᠷᠢᠮᠵᠢᠭᠦᠯᠬᠦ᠂ ᠬᠠᠦᠯᠢᠵᠢᠯᠳ᠋ᠡ ᠶᠢᠨ ᠬᠢᠷᠢ ᠲᠦ᠋ᠪᠰᠢᠨ ᠢ ᠲᠡᠭᠡᠭ᠍ᠰᠢᠯᠡᠭᠦᠯᠦᠨ᠂ ᠰᠠᠢ᠌ᠨ ᠲᠤᠷ᠎ᠠ ᠶᠢᠨ ᠦᠢᠯᠡᠴᠢᠯᠡᠭᠡ ᠶᠢ ᠨᠡᠩ ᠰᠠᠢ᠌ᠨ ᠨᠡᠩ ᠲᠥᠷᠭᠡᠨ ᠬᠦᠭ᠍ᠵᠢᠭᠦᠯᠬᠦ ᠶᠢ ᠵᠥᠪ ᠬᠦᠳ᠋ᠦᠯᠦᠨ ᠵᠢᠯᠤᠭᠤᠳᠬᠤ ᠪᠠ ᠲᠠᠮᠵᠢᠵᠦ᠂ ᠵᠠᠷᠤᠳ ᠬᠣᠰᠢᠭᠤᠨ ᠤ ᠰᠠᠢ᠌ᠨ ᠲᠤᠷ᠎ᠠ ᠶᠢᠨ ᠦᠢᠯᠡᠴᠢᠯᠡᠭᠡᠨ ᠦ ᠠᠵᠤ ᠦᠢᠯᠡᠰ ᠦᠨ ᠴᠢᠨᠠᠷ ᠰᠠᠢ᠌ᠲᠠᠢ ᠬᠦᠭ᠍ᠵᠢᠯᠳ᠋ᠡ ᠶᠢᠨ ᠰᠢᠨ᠎ᠠ ᠬᠠᠭᠤᠳ᠋ᠠᠰᠤ ᠶᠢ ᠪᠢᠴᠢᠭᠯᠡᠬᠦ ᠬᠡᠷᠡᠭ᠍ᠲᠡᠢ ᠭᠡᠵᠦ ᠴᠢᠩᠭ᠋ᠠᠳᠬᠠᠪᠠ᠃ (ᠯᠸᠢ ᠫᠠᠩ)