ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠪᠦᠬᠦ ᠠᠷᠠᠳ ᠤᠨ ᠤᠯᠤᠰ ᠤᠨ ᠠᠮᠤᠷ ᠲᠥᠪᠰᠢᠨ ᠦ ᠰᠤᠷᠭᠠᠨ ᠬᠦᠮᠦᠵᠢᠯ ᠦᠨ ᠡᠳ᠋ᠦᠷ ᠦᠨ ᠠᠵᠢᠯᠯᠠᠭ᠎ᠠ ᠵᠢᠴᠢ ᠨᠢᠭᠤᠴᠠ ᠶᠢ ᠬᠠᠮᠠᠭᠠᠯᠠᠬᠤ ᠮᠡᠳ᠋ᠡᠯᠭᠡ ᠶᠢᠨ ᠲᠤᠰᠬᠠᠢ ᠰᠡᠳ᠋ᠦᠪᠳ᠋ᠦ ᠰᠤᠷᠤᠯᠴᠠᠯᠭ᠎ᠠ ᠶᠢᠨ ᠬᠤᠷᠠᠯ ᠬᠤᠷᠠᠯᠳ᠋ᠤᠪᠠ

4 ᠰᠠᠷ᠎ᠠ ᠶᠢᠨ 14 ᠦ ᠡᠳ᠋ᠦᠷ ᠦᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠪᠦᠬᠦ ᠺᠠᠳ᠋ᠷ ᠠᠵᠢᠯᠳ᠋ᠡᠨ ᠢ ᠵᠤᠬᠢᠶᠠᠨ ᠪᠠᠢ᠌ᠭᠤᠯᠵᠤ ᠪᠦᠬᠦ ᠠᠷᠠᠳ ᠤᠨ ᠤᠯᠤᠰ ᠤᠨ ᠠᠮᠤᠷ ᠲᠦ᠋ᠪᠰᠢᠨ ᠦ ᠰᠤᠷᠭᠠᠨ ᠬᠦᠮᠦᠵᠢᠯ ᠦᠨ ᠡᠳ᠋ᠦᠷ ᠦᠨ ᠠᠵᠢᠯᠯᠠᠭ᠎ᠠ ᠵᠢᠴᠢ ᠨᠢᠭᠤᠴᠠ ᠶᠢ ᠬᠠᠮᠠᠭᠠᠯᠠᠬᠤ ᠮᠡᠳ᠋ᠡᠯᠭᠡ ᠶᠢᠨ ᠲᠤᠰᠬᠠᠢ ᠰᠡᠳ᠋ᠦᠪᠳ᠋ᠦ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠪᠠ᠃ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠡᠩ ᠵᠸᠨ ᠴᠢᠩ ᠬᠤᠷᠠᠯ ᠳᠤ ᠰᠠᠭᠠᠲᠠᠪᠠ᠃ ᠪᠠᠢ᠌ᠭᠤᠯᠭ᠎ᠠ ᠶᠢᠨ ᠨᠠᠮ ᠤᠨ ᠡᠭᠦᠷ ᠦᠨ ᠲᠡᠳ᠋ ᠱᠦ᠋ᠵᠢ ᠯᠢᠶᠠᠩ ᠭᠦᠸᠸ ᠺᠠᠢ ᠬᠤᠷᠠᠯ ᠡᠷᠬᠢᠯᠡᠪᠡ᠃
ᠬᠤᠷᠠᠯ ᠲᠡᠭᠡᠷ᠎ᠠ ᠪᠠᠢ᠌ᠭᠤᠯᠭ᠎ᠠ ᠶᠢᠨ ᠺᠠᠳ᠋ᠷ ᠠᠵᠢᠯᠳ᠋ᠡᠳ ᠨᠡᠢ᠌ᠭᠡᠮ ᠦᠨ ᠬᠠᠷᠢᠯᠴᠠᠭᠠᠨ ᠤ ᠨᠢᠭᠤᠴᠠ ᠶᠢ ᠬᠠᠮᠠᠭᠠᠯᠠᠬᠤ ᠳᠤ ᠡᠷᠬᠡᠪᠰᠢ ᠮᠡᠳ᠋ᠡᠬᠦ ᠵᠦ᠋ᠢᠯ ᠪᠤᠯᠤᠨ ᠬᠠᠦᠯᠢ ᠴᠠᠭᠠᠵᠠ ᠬᠠᠦᠯᠢ ᠲᠤᠭᠳ᠋ᠠᠭᠠᠯ ᠳᠤ ᠰᠢᠨ᠎ᠠ ᠪᠡᠷ ᠨᠡᠮᠡᠭ᠍ᠳ᠋ᠡᠭ᠍ᠰᠡᠨ ᠨᠢᠭᠤᠴᠠ ᠶᠢ ᠬᠠᠮᠠᠭᠠᠯᠠᠬᠤ ᠲᠥᠷᠢᠮ ᠲᠤᠭᠳ᠋ᠠᠭᠠᠯ ᠢ ᠨᠠᠷᠢᠨ ᠬᠢᠨᠠᠮᠠᠭᠠᠢ ᠰᠤᠷᠤᠯᠴᠠᠪᠠ᠃
ᠬᠤᠷᠠᠯ ᠡᠴᠡ᠂ ᠪᠦᠬᠦ ᠺᠠᠳ᠋ᠷ ᠠᠵᠢᠯᠳ᠋ᠡᠨ ᠰᠤᠷᠤᠯᠴᠠᠯᠭ᠎ᠠ ᠪᠠᠨ ᠴᠢᠩᠭ᠋ᠠᠳᠬᠠᠨ᠂ ᠲᠡᠭᠡᠳ᠋ᠦ ᠬᠡᠮᠵᠢᠶᠡᠨ ᠦ ᠡᠭᠦᠷᠭᠡ ᠬᠠᠷᠢᠭᠤᠴᠠᠯᠭᠠᠳ᠋ᠤ ᠰᠡᠳᠭᠢᠯᠭᠡ ᠪᠡᠷ ᠨᠢᠭᠤᠴᠠ ᠶᠢ ᠬᠠᠮᠠᠭᠠᠯᠠᠬᠤ ᠠᠵᠢᠯ ᠢ ᠴᠢᠩᠭ᠋ᠠᠳᠬᠠᠵᠦ᠂《ᠭᠤᠷᠪᠠ ᠶᠢ ᠬᠠᠮᠢᠶᠠᠷᠬᠤ》ᠠᠵᠢᠯ ᠢ ᠰᠠᠢ᠌ᠳ᠋ᠤᠷ ᠬᠢᠵᠦ᠂ ᠬᠠᠦᠯᠢ ᠴᠠᠭᠠᠵᠠ ᠶᠢ ᠵᠢᠷᠤᠮᠯᠡᠨ᠂ ᠨᠢᠭᠤᠴᠠ ᠶᠢ ᠬᠠᠮᠠᠭᠠᠯᠠᠵᠦ᠂ ᠨᠢᠭᠤᠴᠠ ᠶᠢ ᠬᠠᠮᠠᠭᠠᠯᠠᠬᠤ ᠬᠠᠷᠢᠭᠤᠴᠠᠯᠭᠠᠳ᠋ᠤ ᠤᠬᠠᠮᠰᠡᠷ ᠪᠠ ᠠᠶᠤᠯ ᠢ ᠰᠡᠷᠭᠡᠢ᠌ᠯᠡᠬᠦ ᠤᠬᠠᠮᠰᠡᠷ ᠶᠢᠡᠨ ᠦᠨᠡᠨ ᠬᠥ ᠴᠢᠩᠭ᠋ᠠᠳᠬᠨ᠂ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠠ ᠪᠡᠨ ᠴᠢᠩᠭ᠋ᠠᠳᠬᠠᠨ᠂ ᠤᠯᠤᠰ ᠤᠨ ᠠᠮᠤᠷ ᠲᠥᠪᠰᠢᠨ ᠦ ᠰᠡᠷᠭᠡᠢ᠌ᠯᠡᠯᠳ᠋ᠡ ᠶᠢᠨ ᠱᠤᠭᠤᠮ ᠢ ᠪᠠᠲᠤ ᠴᠤᠭᠴᠠᠯᠠᠬᠤ ᠬᠡᠷᠡᠭ᠍ᠲᠡᠢ ᠭᠡᠵᠦ ᠴᠢᠩᠭ᠋ᠠᠳᠬᠠᠪᠠ᠃ (ᠯᠸᠢ ᠫᠠᠩ)