ᠠᠷᠠᠳ ᠤᠨ ᠲᠦ᠋ᠯᠦᠭᠡᠯᠡᠭ᠍ᠴᠢ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳ᠋ᠦᠨ ᠪᠠᠢ᠌ᠭᠤᠯᠬᠤ ᠠᠵᠢᠯ ᠳᠤ ᠬᠦᠴᠦᠨ ᠨᠡᠮᠡᠷᠢᠯᠡᠵᠦ ᠪᠠᠢ᠌ᠭ᠎ᠠ

ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠦ ᠶᠢ ᠡᠭᠦᠳ᠋ᠦᠨ ᠪᠠᠢ᠌ᠭᠤᠯᠬᠤ ᠠᠵᠢᠯ ᠦᠷᠨᠢᠭᠦᠯᠦᠭ᠍ᠰᠡᠨ ᠡᠴᠡ ᠨᠠᠭᠠᠰᠢ᠂ ᠭᠠᠬᠠᠢ᠌ᠳ᠋ᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠰᠠᠨᠠᠭᠠᠴᠢᠯᠠᠭ᠎ᠠ ᠡᠴᠡ ᠪᠠᠨ ᠠᠵᠢᠯᠯᠠᠵᠦ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠶᠢ ᠢᠳ᠋ᠡᠪᠬᠢᠳ᠋ᠡᠢ ᠵᠤᠬᠢᠶᠠᠨ ᠪᠠᠢ᠌ᠭᠤᠯᠵᠤ᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳ᠋ᠤᠨ ᠢ ᠬᠠᠮᠵᠢᠯᠴᠡᠨ᠂ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭ᠍ᠴᠡᠯᠡᠨ ᠰᠠᠢ᠌ᠵᠢᠷᠠᠭᠤᠯᠬᠤ ᠠᠵᠢᠯᠯᠠᠭ᠎ᠠ ᠦᠷᠨᠢᠭᠦᠯᠵᠦ᠂ ᠣᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳ᠋ᠦᠨ ᠪᠠᠢ᠌ᠭᠤᠯᠬᠤ ᠠᠵᠢᠯ ᠢ ᠲᠦ᠋ᠯᠬᠢᠨ ᠠᠬᠢᠭᠤᠯᠵᠤ ᠪᠠᠢ᠌ᠨ᠎ᠠ᠃ (ᠯᠸᠢ ᠫᠠᠩ)