ᠵᠠᠷᠤᠳ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠰᠦ᠋ᠯᠵᠢᠶᠡᠨ ᠲᠡᠭᠡᠷ᠎ᠠ ᠪᠠ ᠰᠦ᠋ᠯᠵᠢᠶᠡᠨ ᠭᠠᠳ᠋ᠠᠨ᠎ᠠ ᠰᠤᠷᠤᠯᠴᠡᠵᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠪᠡᠨ ᠴᠢᠩᠭ᠋ᠠᠳᠬᠠᠵᠦ ᠪᠠᠢ᠌ᠨ᠎ᠠ

ᠨᠠᠮ ᠤᠨ ᠬᠣᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠡᠨ ᠤᠬᠠᠭᠤᠯᠵᠦ ᠲᠤᠭᠤᠰᠢᠯᠠᠭᠤᠯᠤᠨ᠂ ᠠᠷᠠᠳ ᠤᠨ ᠲᠦ᠋ᠯᠦᠭᠡᠯᠡᠭ᠍ᠴᠢᠳ ᠦᠨ ᠣᠯᠤᠰ ᠲᠥᠷᠦ ᠶᠢᠨ ᠣᠨᠤᠯ ᠤᠨ ᠬᠡᠪ ᠪᠣᠯᠪᠠᠰᠤᠷᠠᠯ ᠪᠠ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠶᠢ ᠲᠡᠭᠡᠭ᠍ᠰᠢᠯᠡᠭᠦᠯᠵᠦ᠂ ᠠᠷᠠᠳ ᠤᠨ ᠲᠦ᠋ᠯᠦᠭᠡᠯᠡᠭ᠍ᠴᠢᠳ ᠦᠨ ᠬᠠᠷᠢᠭᠤᠴᠠᠯᠭᠠᠳ᠋ᠤ ᠰᠡᠳᠭᠢᠯᠭᠡ ᠪᠠ ᠡᠭᠦᠷᠭᠡᠳ᠋ᠦ ᠰᠡᠳᠭᠢᠯᠭᠡ ᠶᠢ ᠦᠨᠡᠨᠬᠦ ᠴᠢᠩᠭ᠋ᠠᠳᠬᠠᠨ᠂ ᠠᠷᠠᠳ ᠤᠨ ᠲᠦ᠋ᠯᠦᠭᠡᠯᠡᠭ᠍ᠴᠢ ᠶᠢᠨ ᠭᠣᠤᠯ ᠴᠤᠭᠴᠠ ᠶᠢᠨ ᠦᠢᠯᠡᠳ᠋ᠦᠯ ᠢ ᠭᠦᠢᠴᠡᠳ ᠪᠠᠳ᠋ᠠᠷᠠᠭᠤᠯᠬᠤ ᠶᠢᠨ ᠲᠦ᠋ᠯᠦᠭᠡ᠂ ᠤᠢ᠌ᠷ᠎ᠠ ᠶᠢᠨ ᠡᠳ᠋ᠦᠷ᠂ ᠵᠠᠷᠤᠳ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠰᠤᠮᠤ ᠪᠠᠯᠭᠠᠰᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠰᠦ᠋ᠯᠵᠢᠶᠡᠨ ᠲᠡᠭᠡᠷ᠎ᠠ ᠪᠠ ᠰᠦ᠋ᠯᠵᠢᠶᠡᠨ ᠭᠠᠳ᠋ᠠᠨ᠎ᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠪᠣᠯᠪᠠᠰᠤᠷᠠᠯ ᠦᠷᠨᠢᠭᠦᠯᠵᠦ᠂ ᠪᠦᠬᠦ ᠬᠣᠰᠢᠭᠤᠨ ᠤ ᠨᠡᠢ᠌ᠲᠡ 900 ᠭᠠᠷᠤᠢ ᠠᠷᠠᠳ ᠤᠨ ᠲᠦ᠋ᠯᠦᠭᠡᠯᠡᠭ᠍ᠴᠢ ᠲᠤᠰ ᠣᠳ᠋ᠠᠭᠠᠨ ᠤ ᠪᠣᠯᠪᠠᠰᠤᠷᠠᠯ ᠳᠤ ᠤᠷᠤᠯᠴᠠᠪᠠ᠃
ᠰᠦ᠋ᠯᠵᠢᠶᠡᠨ ᠲᠡᠭᠡᠷᠡᠬᠢ ᠪᠣᠯᠪᠠᠰᠤᠷᠠᠯ ᠤᠨ ᠬᠤᠷᠠᠯ ᠲᠡᠭᠡᠷ᠎ᠠ᠂ ᠲᠦ᠋ᠯᠦᠭᠡᠯᠡᠭ᠍ᠴᠢᠳ ᠲᠦ᠋ᠩᠯᠢᠶᠤᠤ ᠬᠤᠳ᠋ᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠫᠷᠤᠹᠧᠰᠰᠤᠷ ᠯᠢᠦ ᠹᠦ᠋ ᠶᠢᠩ ᠦᠨ 《ᠰᠢᠨ᠎ᠠ ᠴᠠᠭ ᠥᠶ᠎ᠠ ᠶᠢᠨ ᠰᠢᠨ᠎ᠠ ᠠᠶᠠᠨ ᠵᠠᠮ ᠳᠤ ᠲᠤᠮᠳ᠋ᠠᠳ᠋ᠤ ᠤᠯᠤᠰ ᠤᠨ ᠤᠨᠴᠠᠯᠢᠭ ᠲᠡᠶ ᠨᠡᠢ᠌ᠭᠡᠮ ᠵᠢᠷᠤᠮ ᠢ ᠪᠠᠷᠢᠮᠳ᠋ᠡᠯᠡᠨ ᠬᠦᠭ᠍ᠵᠢᠭᠦᠯᠬᠦ ᠣᠯᠣᠰ ᠲᠥᠷᠦ ᠶᠢᠨ ᠲᠤᠩᠬᠠᠭ ᠪᠣᠯᠤᠨ ᠠᠵᠢᠯᠯᠠᠭᠠᠨ ᠤ ᠬᠦᠳ᠋ᠦᠯᠪᠦᠷᠢ》ᠭᠡᠬᠦ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠲᠠᠢ᠌ᠯᠪᠤᠷᠢᠯᠠᠬᠤ ᠸᠢᠳᠢᠣ᠋ ᠬᠢᠴᠢᠶᠠᠯ ᠢ ᠰᠤᠨᠤᠰᠪᠠ᠃
ᠰᠦ᠋ᠯᠵᠢᠶᠡᠨ ᠭᠠᠳ᠋ᠠᠨ᠎ᠠ᠂ ᠶᠡᠷᠦᠩᠬᠡᠢ ᠱᠦ᠋ᠵᠢ ᠰᠢ ᠵᠢᠨ ᠫᠢᠩ ᠦᠨ ᠭᠣᠸᠠᠩᠰᠢ ᠶᠢᠨ ᠲᠦ᠋ᠯᠦᠭᠡᠯᠡᠭ᠍ᠴᠢᠳ ᠦᠨ ᠪᠦᠯᠬᠦᠮ ᠦᠨ ᠶᠠᠷᠢᠯᠴᠠᠭ᠎ᠠ ᠳᠤ ᠤᠷᠤᠯᠴᠠᠬᠤ ᠳᠠᠭᠠᠨ ᠲᠤᠷᠠᠳ᠋ᠤᠭᠰᠠᠨ《ᠲᠠᠪᠤᠨ ᠪᠠᠲᠦ ᠡᠵᠡᠮᠰᠢᠬᠦ》 ᠴᠢᠬᠤᠯᠠ ᠱᠠᠭᠠᠷᠳ᠋ᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠪᠠ᠃
ᠲᠤᠰ ᠤᠳ᠋ᠠᠭ᠎ᠠ ᠶᠢᠨ ᠰᠤᠷᠤᠯᠴᠠᠯᠭ᠎ᠠ ᠪᠠᠷ ᠲᠠᠮᠵᠢᠨ᠂ ᠲᠦ᠋ᠯᠦᠭᠡᠯᠡᠭ᠍ᠴᠢᠳ ᠭᠦᠨ ᠲᠦ᠋ᠷᠦᠭ᠍ᠳ᠋ᠡᠯ ᠤᠯᠵᠦ᠂ ᠲᠠᠷᠠᠭᠠᠴᠢ ᠶᠢᠨ ᠠᠵᠢᠯ ᠰᠤᠷᠤᠯᠴᠠᠯᠭ᠎ᠠ ᠲᠣᠮᠲᠠ ᠪᠠᠨ ᠦᠷᠭᠦᠯᠵᠢᠯᠡᠨ ᠤᠨᠤᠯ ᠤᠨ ᠰᠤᠷᠤᠯᠴᠠᠯᠭ᠎ᠠ ᠪᠠᠨ ᠴᠢᠩᠭ᠋ᠠᠳᠬᠠᠨ᠂ ᠤᠯᠤᠰ ᠲᠦ᠋ᠷᠥ ᠶᠢᠨ ᠤᠬᠠᠮᠰᠡᠷ ᠶᠢᠡᠨ ᠲᠠᠰᠤᠷᠠᠯᠳ᠋ᠡ ᠦᠭᠡᠶ ᠲᠡᠭᠡᠭ᠍ᠰᠢᠯᠡᠭᠦᠯᠵᠦ᠂ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠭᠦᠨᠵᠡᠭᠡᠢ ᠰᠤᠷᠤᠯᠴᠡᠨ ᠣᠢ᠌ᠯᠠᠭᠠᠵᠦ᠂ ᠬᠤᠪᠢ ᠬᠦᠮᠦᠨ ᠦ ᠤᠨᠤᠯ ᠤᠨ ᠬᠡᠪ ᠪᠣᠯᠪᠠᠰᠤᠷᠠᠯ ᠢ ᠲᠡᠭᠡᠭ᠍ᠰᠢᠯᠡᠭᠦᠯᠬᠦ ᠶᠢ ᠲᠠᠰᠤᠷᠡᠯᠳ᠋ᠡ ᠦᠭᠡᠶ ᠠᠬᠢᠭᠤᠯᠤᠨ᠂ ᠬᠤᠪᠢ ᠬᠦᠮᠦᠨ ᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠪᠠᠨ ᠲᠡᠭᠡᠭ᠍ᠰᠢᠯᠡᠭᠦᠯᠵᠦ᠂ ᠰᠢᠨ᠎ᠠ ᠴᠠᠭ ᠥᠶ᠎ᠠ ᠰᠢᠨ᠎ᠠ ᠠᠶᠠᠨ ᠵᠠᠮ ᠳᠤ ᠵᠣᠷᠢᠬᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠠᠷᠠᠳ ᠤᠨ ᠲᠦ᠋ᠯᠦᠭᠡᠯᠡᠭ᠍ᠴᠢ ᠶᠢᠨ ᠴᠤᠭ ᠵᠢᠪᠬᠤᠭ᠎ᠠ ᠶᠢ ᠪᠠᠳ᠋ᠠᠷᠠᠭᠤᠯᠵᠦ᠂ ᠪᠦᠬᠦ ᠬᠣᠰᠢᠭᠤᠨ ᠤ ᠠᠵᠤ ᠠᠬᠤᠢ ᠨᠡᠢ᠌ᠭᠡᠮ ᠦᠨ ᠴᠢᠨᠠᠷ ᠰᠠᠢ᠌ᠲᠠᠢ ᠭᠦᠭ᠍ᠵᠢᠯᠳ᠋ᠡ ᠶᠢ ᠠᠬᠢᠭᠤᠯᠬᠤ ᠳᠤ ᠰᠢᠨ᠎ᠠ ᠬᠤᠪᠢ ᠨᠡᠮᠡᠷᠢ ᠦᠵᠡᠭᠦᠯᠦᠨ᠎ᠠ ᠭᠡᠵᠦ ᠢᠯᠡᠳᠭᠡᠵᠡᠭᠡᠪᠡ᠃ (ᠯᠸᠢ ᠫᠠᠩ)