ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠭᠠᠬᠠᠢ᠌ᠳ᠋ᠤ ᠪᠠᠯᠭᠠᠰᠤᠨ ᠳᠤ᠁
ᠡᠦ ᠴᠢᠩ ᠬᠠᠢ ᠭᠠᠬᠠᠢ᠌ᠳ᠋ᠤ ᠪᠠᠯᠭᠠᠰᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠠᠪᠠ

       
       4 ᠰᠠᠷ᠎ᠠ ᠶᠢᠨ 18 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠭᠠᠬᠠᠢ᠌ᠳ᠋ᠦ ᠪᠠᠯᠭᠠᠰᠤᠨ ᠳᠤ ᠭᠦᠨᠵᠡᠭᠡᠢ᠌ᠷᠡᠨ᠂ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠠᠬᠰᠡᠨ ᠪᠦᠭᠡᠳ ᠦᠨᠳ᠋ᠦᠰᠦᠨ ᠱᠠᠳ᠋ᠤᠨ ᠤ《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠶᠢᠨ ᠪᠦᠳ᠋ᠦᠭᠡᠨ ᠪᠠᠢ᠌ᠭᠤᠯᠤᠯᠳ᠋ᠠ᠂ ᠤᠨᠴᠠᠯᠢᠬᠳ᠋ᠦ ᠠᠵᠤ ᠦᠢᠯᠡᠰ ᠦᠨ ᠬᠦᠭ᠍ᠵᠢᠯᠳ᠋ᠡ ᠵᠡᠷᠭᠡ ᠪᠠᠢ᠌ᠳ᠋ᠠᠯ ᠢ ᠪᠠᠢ᠌ᠴᠠᠭᠠᠨ ᠰᠤᠳ᠋ᠤᠯᠪᠠ᠃

        
        ᠭᠠᠬᠠᠢ᠌ᠳ᠋ᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢ ᠪᠠᠢ ᠮᠸᠢ ᠬᠤᠸᠡ ᠲᠡᠶ ᠬᠠᠷᠢᠯᠴᠠᠬᠤ ᠦᠶᠡᠰ᠂ ᠡᠦ ᠴᠢᠩ ᠬᠠᠢ ᠠᠷᠠᠳ ᠤᠨ ᠲᠦ᠋ᠯᠦᠭᠡᠯᠡᠭ᠍ᠴᠢ ᠶᠢᠨ ᠪᠣᠯᠪᠠᠰᠤᠷᠠᠯ ᠤᠨ ᠪᠠᠢ᠌ᠳ᠋ᠠᠯ ᠪᠠ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠪᠠᠢ᠌ᠳ᠋ᠠᠯ ᠢ ᠨᠠᠷᠢᠨ ᠤᠢ᠌ᠯᠠᠭᠠᠵᠦ᠂ ᠠᠷᠠᠳ ᠤᠨ ᠲᠦ᠋ᠯᠦᠭᠡᠯᠡᠭ᠍ᠴᠢ ᠶᠢᠨ ᠠᠵᠤ ᠦᠢᠯᠡᠰ ᠦᠨ ᠬᠦᠭ᠍ᠵᠢᠯᠳ᠋ᠡ ᠳ᠋ᠦ ᠬᠦᠴᠦᠨ ᠨᠡᠮᠡᠷᠢᠯᠡᠵᠦ᠂ ᠤᠯᠠᠨ ᠲᠦ᠋ᠮᠡᠨ ᠢ ᠲᠠᠢ᠌ᠴᠢᠯᠡᠨ ᠤᠷᠤᠯᠭ᠎ᠠ ᠶᠢ ᠨᠢ ᠨᠡᠮᠡᠭ᠍ᠳ᠋ᠡᠭᠦᠯᠦᠨ ᠪᠠᠶᠠᠵᠢᠭᠤᠯᠬᠤ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠤᠬᠰᠡᠨ ᠪᠦᠭᠡᠳ ᠪᠠᠢ ᠮᠸᠢ ᠬᠤᠸᠠ ᠨᠢᠭᠡᠨ ᠠᠷᠠᠳ ᠤᠨ ᠲᠦ᠋ᠯᠦᠭᠡᠯᠡᠭ᠍ᠴᠢ ᠪᠤᠯᠤᠭᠰᠠᠨ ᠤ ᠬᠤᠪᠢ ᠳᠤ᠂ ᠦᠢᠯᠡᠳᠪᠦᠷᠢᠯᠡᠯ᠂ ᠠᠵᠢᠯ ᠤᠨ ᠲᠤᠮᠳ᠋ᠡ ᠵᠢᠱᠢᠶᠡᠴᠢ ᠲᠠᠭᠠᠭᠤᠯᠤᠭᠴᠢ ᠶᠢᠨ ᠦᠢᠯᠡᠳ᠋ᠦᠯ ᠦᠵᠡᠭᠦᠯᠬᠦ ᠪᠡᠷ ᠪᠠᠷᠠᠬᠤ ᠦᠭᠡᠶ ᠪᠠᠰᠠ ᠤᠯᠠᠨ ᠲᠦ᠋ᠮᠡᠨ ᠦ ᠲᠣᠮᠲᠡ ᠬᠦᠷᠴᠦ᠂ ᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠂ ᠢᠳ᠋ᠡᠪᠬᠢᠳ᠋ᠠᠢ ᠪᠠᠷ ᠰᠠᠨᠠᠯ ᠰᠠᠨᠠᠭᠤᠯᠭ᠎ᠠ ᠲᠤᠷᠠᠳᠴᠦ᠂ ᠤᠯᠠᠨ ᠲᠦ᠋ᠮᠡᠨ ᠦ ᠬᠦᠰᠡᠯ ᠡᠷᠡᠮᠡᠯᠵᠡᠯ ᠢ ᠲᠤᠰᠬᠠᠨ᠂ ᠠᠷᠠᠳ ᠤᠨ ᠲᠦ᠋ᠯᠦᠭᠡᠯᠡᠭ᠍ᠴᠢ ᠶᠢᠨ ᠬᠦᠭᠦᠷᠭᠡ ᠬᠤᠯᠪᠤᠭᠠᠰᠤ ᠶᠢᠨ ᠦᠢᠯᠡᠳ᠋ᠦᠯ ᠢ ᠨᠡᠩ ᠰᠠᠢ᠌ᠨ ᠪᠠᠳ᠋ᠠᠷᠠᠭᠤᠯᠬᠤ ᠶᠢ ᠦᠨᠡᠨᠬᠦ ᠪᠠᠳ᠋ᠤᠯᠠᠬᠤ ᠬᠡᠷᠡᠭ᠍ᠲᠡᠢ ᠭᠡᠵᠦ ᠱᠠᠭᠠᠷᠳ᠋ᠠᠪᠠ᠃

        
        ᠵᠢᠪᠳ᠋ᠦ ᠭᠠᠴᠠᠭᠠᠨ ᠳᠤ᠂ ᠡᠦ ᠴᠢᠩ ᠬᠠᠢ ᠤᠷᠢᠳ ᠬᠣᠵᠢᠳ ᠨᠠᠷᠠᠨᠮᠠᠨᠳ᠋ᠤᠯ᠎ᠠ ᠶᠢᠨ ᠲᠡᠵᠢᠭᠡᠨ ᠦᠷᠡᠵᠢᠭᠦᠯᠬᠦ ᠡᠷᠦᠬᠡ᠂ ᠴᠤᠭ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ᠂ ᠡᠭᠦᠯᠲᠡᠷ ᠰᠠᠢ᠌ᠵᠢᠷᠠᠭᠤᠯᠬᠤ ᠵᠢᠱᠢᠶ᠎ᠠ ᠦᠵᠡᠭᠦᠯᠬᠦ ᠡᠷᠦᠬᠡ ᠬᠠᠨ ᠰᠤᠶᠤᠯᠲᠦ ᠶᠢᠨ ᠭᠡᠷ ᠲᠤ ᠬᠦᠷᠴᠦ᠂ ᠭᠤᠷᠪᠠᠨ ᠵᠦ᠋ᠢᠯ ᠦᠨ ᠠᠳ᠋ᠠᠯᠢ ᠪᠣᠰᠤ ᠵᠠᠬᠪᠣᠷ ᠤᠨ ᠲᠡᠵᠢᠭᠡᠨ ᠦᠷᠡᠵᠢᠭᠦᠯᠬᠦ ᠡᠷᠦᠬᠡ ᠶᠢᠨ ᠰᠠᠭᠤᠷᠢ ᠲᠦ᠋ᠬᠦᠭᠡᠷᠦᠮᠵᠢ ᠶᠢᠨ ᠪᠦᠳ᠋ᠦᠭᠡᠨ ᠪᠠᠢ᠌ᠭᠤᠯᠤᠯᠳ᠋ᠠ᠂ ᠡᠭᠦᠯᠳ᠋ᠡᠷ ᠰᠠᠢ᠌ᠵᠢᠷᠠᠭᠤᠯᠬᠤ᠂ ᠲᠡᠵᠢᠭᠡᠨ ᠦᠷᠡᠵᠢᠭᠦᠯᠬᠦ᠂ ᠡᠪᠡᠳᠴᠢᠨ ᠡᠮᠭᠡᠭ᠌ ᠢ ᠤᠷᠢᠳᠴᠢᠯᠡᠨ ᠰᠡᠷᠭᠡᠢ᠌ᠯᠡᠬᠦ᠂ ᠡᠪᠡᠰᠦ ᠪᠣᠷᠳ᠋ᠤᠭ᠎ᠠ ᠨᠦ᠋ᠭᠡᠴᠡᠯᠡᠬᠦ ᠵᠡᠷᠭᠡ ᠪᠠᠢ᠌ᠳ᠋ᠠᠯ ᠢ ᠲᠤᠬᠠᠢ ᠶᠢᠨ ᠲᠠᠯᠠᠪᠤᠷ ᠲᠤᠨᠢ ᠤᠢ᠌ᠯᠠᠭᠠᠵᠦ᠂ ᠲᠡᠵᠢᠭᠡᠨ ᠦᠷᠡᠵᠢᠭᠦᠯᠬᠦ ᠡᠷᠦᠬᠡ ᠳ᠋ᠦ ᠪᠠᠭ᠎ᠠ ᠬᠡᠪᠴᠢᠶᠡᠨ ᠦ ᠶᠡᠬᠡ ᠬᠠᠮᠳ᠋ᠤᠯᠢᠭ ᠤᠨ ᠲᠡᠵᠢᠭᠡᠨ ᠦᠷᠡᠵᠢᠭᠦᠯᠬᠦ ᠦᠢᠯᠡᠰ ᠢ ᠬᠦᠭ᠍ᠵᠢᠭᠦᠯᠦᠨ᠂ ᠤᠷᠤᠯᠭ᠎ᠠ ᠪᠤᠯᠤᠨ ᠦᠪᠡᠷ ᠦᠨ ᠥᠷᠳ᠋ᠡᠭ᠌ ᠦᠨ ᠲᠠᠩᠰᠠ ᠶᠢ ᠰᠠᠢ᠌ᠳ᠋ᠤᠷ ᠪᠤᠳ᠋ᠤᠬᠤ ᠬᠡᠷᠡᠭ᠍ᠲᠡᠢ᠃ ᠡᠭᠦᠨ ᠶᠢᠨ ᠬᠠᠮᠳ᠋ᠤ᠂ ᠭᠠᠬᠠᠢ᠌ᠳ᠋ᠤ ᠪᠠᠯᠭᠠᠰᠤ ᠠᠵᠤ ᠦᠢᠯᠡᠰ ᠢ ᠬᠦᠭ᠍ᠵᠢᠭᠦᠯᠦᠨ ᠮᠠᠨᠳ᠋ᠤᠭᠤᠯᠬᠤ ᠶᠢ ᠲᠤᠪᠤᠢ᠌ᠯᠭᠠᠨ᠂ ᠲᠡᠷᠢᠭᠦᠨ ᠦ ᠲᠣᠷᠰᠢᠯᠭ᠎ᠠ ᠶᠢ ᠰᠠᠢ᠌ᠳ᠋ᠤᠷ ᠰᠤᠷᠤᠯᠴᠠᠵᠦ᠂ ᠲᠤᠬᠠᠢ ᠶᠢᠨ ᠭᠠᠵᠠᠷ ᠤᠨ ᠲᠡᠵᠢᠭᠡᠨ ᠦᠷᠡᠵᠢᠭᠦᠯᠬᠦ ᠲᠠᠪᠠᠭᠤᠯᠢᠭ ᠲᠠᠭᠠᠨ ᠲᠦ᠋ᠰᠢᠭᠯᠡᠨ᠂ ᠵᠠᠬ᠎ᠠ ᠲᠡᠯᠭᠡᠭᠦᠷ ᠦᠨ ᠬᠡᠷᠡᠭ᠍ᠴᠡᠭᠡ ᠱᠠᠭᠠᠷᠳ᠋ᠠᠯᠭ᠎ᠠ ᠶᠢ ᠤᠨᠤᠪᠴᠢᠳ᠋ᠠᠢ ᠡᠷᠢᠵᠦ᠂ ᠲᠡᠵᠢᠭᠡᠨ ᠦᠷᠡᠵᠢᠭᠦᠯᠬᠦ ᠠᠵᠤ ᠦᠢᠯᠡᠰ ᠢ ᠢᠳ᠋ᠡᠪᠬᠢᠳ᠋ᠠᠢ ᠬᠦᠭ᠍ᠵᠢᠭᠦᠯᠦᠨ᠂ ᠠᠵᠤ ᠦᠢᠯᠡᠰ ᠦᠨ ᠬᠦᠴᠦᠷᠭᠡᠭ᠍ᠵᠢᠬᠦ ᠶᠢ ᠲᠦ᠋ᠷᠭᠡᠳᠭᠡᠨ ᠠᠬᠢᠭᠤᠯᠵᠤ᠂ ᠲᠠᠷᠢᠶᠠᠴᠢᠳ ᠢ ᠲᠠᠢ᠌ᠴᠢᠯᠡᠨ ᠪᠠᠶᠠᠵᠢᠭᠤᠯᠬᠤ ᠬᠡᠷᠡᠭ᠍ᠲᠡᠢ ᠭᠡᠵᠦ ᠴᠢᠩᠭ᠋ᠠᠳᠬᠠᠪᠠ᠃ (ᠯᠸᠢ ᠫᠠᠩ)

ᠡᠮᠦᠨᠡᠬᠢ᠄ ᠲᠦ᠋ᠩᠯᠢᠶᠤᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠢᠨ ᠮᠠᠨ ᠤ ᠬᠤᠰᠢᠭᠤᠨ ᠤ ᠢᠷᠡᠵᠦ《ᠦᠪᠦᠷ ᠮᠣᠩᠭ᠋ᠣᠯ ᠤᠨ ᠦᠪᠡᠷᠳ᠋ᠡᠭᠡᠨ ᠵᠠᠰᠠᠬᠤ ᠤᠷᠤᠨ ᠤ ᠰᠠᠢ᠌ᠨ ᠲᠤᠷ᠎ᠠ ᠶᠢᠨ ᠦᠢᠯᠡᠴᠢᠯᠡᠭᠡᠨ ᠦ ᠲᠥᠷᠢᠮ》 ᠤᠨ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠦᠷᠨᠢᠭᠦᠯᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠮᠠᠯ ᠲᠠᠷᠢᠶᠠᠯᠠᠩ ᠤᠨ ᠠᠵᠤ ᠦᠢᠯᠡᠰ ᠦᠨ ᠰᠤᠯᠢᠯᠴᠠᠭ᠎ᠠ ᠵᠤᠯᠭᠠᠯᠴᠠᠭᠠᠨ ᠤ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ