ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠮᠠᠯ ᠲᠠᠷᠢᠶᠠᠯᠠᠩ ᠤᠨ ᠠᠵᠤ ᠦᠢᠯᠡᠰ ᠦᠨ ᠰᠤᠯᠢᠯᠴᠠᠭ᠎ᠠ ᠵᠤᠯᠭᠠᠯᠴᠠᠭᠠᠨ ᠤ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ
4 ᠰᠠᠷ᠎ᠠ ᠶᠢᠨ 19 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠣᠯᠣᠨ ᠭᠢᠷᠢᠨ ᠮᠤᠵᠢ ᠶᠢᠨ ᠢ ᠳ᠋ᠣᠤ ᠰᠢᠨᠵᠢᠯᠡᠬᠦ ᠤᠬᠠᠭᠠᠨ ᠮᠡᠷᠭᠡᠵᠢᠯ ᠦᠨ ᠬᠢᠵᠠᠭᠠᠷᠳ᠋ᠤ ᠺᠣᠮᠫᠠᠨᠢ᠂ ᠦᠪᠦᠷ ᠮᠤᠩᠭ᠋ᠤᠯ ᠤᠨ ᠰᠢ ᠮᠦ ᠤᠰᠤ ᠠᠷᠪᠢᠯᠠᠬᠤ ᠤᠰᠤᠯᠠᠯᠳ᠋ᠠ ᠶᠢᠨ ᠲᠦ᠋ᠬᠦᠭᠡᠷᠤᠮᠵᠢ ᠶᠢᠨ ᠬᠢᠵᠠᠭᠠᠷᠳ᠋ᠤ ᠺᠤᠮᠫᠠᠨᠢ᠂ ᠦᠪᠦᠷ ᠮᠤᠩᠭ᠋ᠤᠯ ᠤᠨ ᠡᠾᠸ ᠮᠦ ᡁᠢ ᠳ᠋ᠠ ᠰᠢᠨᠵᠢᠯᠡᠬᠦ ᠤᠬᠠᠭᠠᠨ ᠮᠡᠷᠭᠡᠵᠢᠯ ᠦᠨ ᠬᠢᠵᠠᠭᠠᠷᠳ᠋ᠦ ᠺᠤᠮᠫᠠᠨᠢ ᠲᠡᠶ ᠮᠠᠯ ᠲᠠᠷᠢᠶᠠᠯᠠᠩ ᠤᠨ ᠠᠵᠤ ᠦᠢᠯᠡᠰ ᠦᠨ ᠰᠤᠯᠢᠯᠴᠠᠭ᠎ᠠ ᠵᠤᠯᠭᠠᠯᠴᠠᠭᠠᠨ ᠤ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠵᠡᠩ ᠶᠦ᠋ᠩ ᠴᠢᠶᠠᠩ ᠬᠤᠷᠠᠯ ᠳᠤ ᠰᠠᠭᠠᠳ᠋ᠠᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠡᠯ᠎ᠠ ᠠᠵᠤ ᠠᠬᠤᠢ᠌ᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠰᠠᠭᠤᠳ᠋ᠠᠯ ᠤᠨ ᠬᠤᠷᠠᠯ ᠳᠤ ᠤᠷᠤᠯᠴᠠᠪᠠ᠃

ᠬᠤᠷᠡᠯ ᠲᠡᠭᠡᠷ᠎ᠠ᠂ ᠡᠦ ᠴᠢᠩ ᠬᠠᠢ ᠨᠡᠷ ᠡᠯ᠎ᠠ ᠠᠵᠤ ᠠᠬᠤᠢ᠌ᠯᠠᠯ ᠤᠨ ᠬᠠᠷᠢᠭᠤᠴᠠᠯᠭᠠᠳ᠋ᠠᠨ ᠲᠡᠶ ᠰᠠᠨᠠᠯ ᠶᠢᠡᠨ ᠰᠤᠯᠢᠯᠴᠠᠵᠦ᠂ ᠡᠯ᠎ᠠ ᠠᠵᠤ ᠠᠬᠤᠢ᠌ᠯᠠᠯ ᠤᠨ ᠭᠣᠤᠯ ᠲᠤᠬᠠᠢ᠌ᠯᠠᠭᠰᠠᠨ ᠠᠵᠢᠯ᠂ ᠠᠵᠤ ᠦᠢᠯᠡᠰ ᠦᠨ ᠪᠠᠢ᠌ᠷᠢ ᠲᠤᠭᠳ᠋ᠠᠭᠠᠯᠳ᠋ᠠ᠂ ᠲᠦ᠋ᠷᠦᠯ ᠵᠦ᠋ᠢᠯ ᠦᠨ ᠬᠡᠪᠴᠢᠶ᠎ᠠ᠂ ᠬᠠᠮᠳ᠋ᠤᠷᠡᠯᠴᠠᠭᠠᠨ ᠤ ᠵᠠᠬᠪᠤᠷ ᠵᠡᠷᠭᠡ ᠦᠨᠳ᠋ᠦᠰᠦᠨ ᠵᠦ᠋ᠢᠯ ᠢ ᠨᠠᠷᠢᠨ ᠤᠢ᠌ᠯᠠᠭᠠᠪᠠ᠃
ᠬᠤᠷᠠᠯ ᠨᠢ ᠵᠠᠷᠤᠳ ᠬᠤᠰᠢᠭᠤᠨ ᠤ ᠪᠠᠢ᠌ᠭᠠᠯᠢ ᠶᠢᠨ ᠤᠷᠴᠢᠨ ᠲᠤᠭᠤᠷᠢᠨ᠂ ᠡᠬᠢ ᠪᠠᠶᠠᠯᠢᠭ ᠤᠨ ᠲᠠᠪᠠᠭᠤᠯᠢᠭ᠂ ᠮᠠᠯ ᠲᠠᠷᠢᠶᠠᠯᠠᠩ ᠤᠨ ᠠᠵᠤ ᠦᠢᠯᠡᠰ ᠦᠨ ᠪᠠᠢ᠌ᠷᠢᠰᠢᠭᠤᠯᠤᠯᠳ᠋ᠡ᠂ ᠤᠷᠤᠨ ᠪᠠᠢ᠌ᠷᠢ ᠶᠢᠨ ᠲᠠᠪᠠᠭᠤᠯᠢᠭ᠂ ᠭᠤᠤᠯᠳ᠋ᠠᠯᠭ᠎ᠠ ᠲᠡᠶ ᠠᠵᠤ ᠦᠢᠯᠡᠰ᠂ ᠲᠦ᠋ᠬᠦᠭᠡᠷᠤᠮᠵᠢᠳ᠋ᠦ ᠲᠠᠷᠢᠶᠠᠯᠠᠩ ᠤᠨ ᠬᠦᠷᠢᠶᠡᠨ ᠦ ᠬᠦᠭ᠍ᠵᠢᠯᠳ᠋ᠡ ᠶᠢᠨ ᠢᠷᠡᠭᠡᠳ᠋ᠦᠢ ᠶᠢᠨ ᠲᠤᠬᠠᠢ ᠨᠠᠷᠢᠨ ᠲᠠᠨᠢᠯᠴᠠᠭᠤᠯᠭ᠎ᠠ ᠬᠢᠪᠡ᠃

ᠬᠤᠶᠠᠷ ᠲᠠᠯ᠎ᠠ ᠪᠠᠷ ᠶᠢᠡᠨ᠂ ᠵᠠᠷᠤᠳ ᠬᠣᠰᠢᠭᠤ ᠪᠤᠯᠤᠨ ᠡᠯ᠎ᠠ ᠠᠵᠤ ᠠᠬᠤᠢ᠌ᠯᠡᠯ ᠤᠨ ᠬᠠᠮᠳ᠋ᠤᠷᠡᠯᠴᠠᠭᠠᠨ ᠤ ᠨᠡᠢ᠌ᠯᠡᠯ ᠴᠡᠭ᠌ ᠤᠯᠠᠨ᠂ ᠬᠦᠷᠢᠶ᠎ᠠ ᠬᠡᠪᠴᠢᠶ᠎ᠠ ᠦᠷᠭᠡᠨ᠂ ᠠᠯᠤᠰ ᠢᠷᠡᠭᠡᠳ᠋ᠦᠢ ᠦᠷᠭᠡᠨ ᠠᠭᠤᠳ᠋ᠠᠮ ᠪᠠᠢ᠌ᠵᠤ᠂ ᠲᠤᠰ ᠤᠳ᠋ᠠᠭᠠᠨ ᠤ ᠰᠠᠭᠤᠳ᠋ᠠᠯ ᠤᠨ ᠬᠤᠷᠠᠯ ᠶᠢᠡᠷ ᠠᠵᠠ ᠲᠤᠬᠢᠶᠠᠯ ᠪᠣᠯᠭᠠᠨ᠂ ᠰᠤᠯᠢᠯᠴᠠᠭ᠎ᠠ ᠬᠠᠷᠢᠯᠴᠠᠭ᠎ᠠ ᠪᠠᠨ ᠤᠯᠠᠮ ᠨᠢᠭᠡ ᠠᠯᠬᠤᠮ ᠴᠢᠩᠭ᠋ᠠᠳᠬᠠᠵᠦ᠂ ᠬᠠᠮᠳ᠋ᠤᠷᠠᠯᠴᠠᠭᠠᠨ ᠤ ᠬᠦᠭᠦᠷᠭᠡ ᠬᠤᠯᠪᠤᠭᠠᠰᠤ ᠪᠠᠢ᠌ᠭᠤᠯᠤᠨ᠂ ᠬᠠᠮᠳ᠋ᠤᠷᠠᠯᠴᠠᠭᠠᠨ ᠤ ᠲᠤᠭᠳ᠋ᠠᠴᠠ ᠶᠢ ᠪᠠᠢ᠌ᠭᠤᠯᠬᠤ ᠶᠢ ᠬᠦᠰᠡᠵᠦ ᠪᠠᠢ᠌ᠨ᠎ᠠ ᠭᠡᠵᠦ ᠢᠯᠡᠳᠭᠡᠪᠡ᠃ (ᠯᠸᠢ ᠫᠠᠩ)