ᠯᠦ᠋ᠪᠸᠢ ᠪᠠᠯᠭᠠᠰᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠡᠭᠦᠷᠭᠡ ᠴᠢᠳ᠋ᠠᠪᠬᠢ ᠪᠠᠨ ᠪᠠᠳ᠋ᠠᠷᠠᠭᠤᠯᠵᠦ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠳ᠋ᠠ ᠳᠤ ᠬᠦᠴᠦᠨ ᠨᠡᠮᠡᠷᠢᠯᠡᠵᠦ ᠪᠠᠢ᠌ᠭ᠎ᠠ


ᠠᠮᠢ ᠠᠬᠤᠢ ᠣᠷᠴᠢᠨ ᠲᠤᠭᠤᠷᠢᠨ ᠤ ᠪᠦᠳ᠋ᠦᠭᠡᠨ ᠪᠠᠢ᠌ᠭᠤᠯᠤᠯᠳ᠋ᠠ ᠶᠢ ᠶᠡᠬᠡᠪᠡᠷ ᠲᠦ᠋ᠯᠬᠢᠨ ᠠᠬᠢᠭᠤᠯᠵᠤ᠂ ᠬᠦᠳ᠋ᠡᠭᠡ ᠲᠤᠰᠬᠤᠨ ᠤ ᠤᠷᠤᠰᠢᠨ ᠰᠠᠭᠤᠷᠢᠰᠢᠬᠤ ᠣᠷᠴᠢᠨ ᠲᠤᠭᠤᠷᠢᠨ ᠢ ᠤᠯᠠᠮ ᠨᠢᠭᠡ ᠠᠯᠬᠤᠮ ᠰᠠᠢ᠌ᠵᠢᠷᠠᠭᠤᠯᠬᠤ ᠶᠢᠨ ᠲᠦ᠋ᠯᠦᠭᠡ᠂ ᠯᠦ᠋ᠪᠸᠢ ᠪᠠᠯᠭᠠᠰᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠂ ᠬᠢᠨᠠᠯᠳ᠋ᠠ ᠲᠠᠯᠪᠢᠬᠤ ᠶᠢ ᠠᠬᠢᠭᠤᠯᠵᠤ᠂ ᠵᠢᠱᠢᠶ᠎ᠠ ᠦᠵᠡᠭᠦᠯᠦᠨ ᠲᠠᠢ᠌ᠴᠢᠯᠠᠬᠤ ᠵᠡᠷᠭᠡ ᠲᠠᠯ᠎ᠠ ᠪᠠᠷ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠳ᠋ᠠ ᠶᠢᠨ ᠬᠦᠷᠢᠶᠡᠨ ᠳ᠋ᠦ ᠠᠩᠬᠠᠷᠤᠯ ᠶᠢᠡᠨ ᠲᠦ᠋ᠪᠯᠡᠷᠡᠭᠦᠯᠦᠨ᠂ ᠪᠦᠬᠦ ᠪᠠᠯᠭᠠᠰᠤᠨ ᠤ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠳ᠋ᠠ ᠳᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠤᠪᠢ ᠨᠡᠮᠡᠷᠢ ᠦᠵᠡᠭᠦᠯᠵᠦ ᠪᠠᠢ᠌ᠨ᠎ᠠ᠃ (ᠯᠸᠢ ᠫᠠᠩ)