ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ᠁
ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠭᠦᠨᠵᠡᠭᠡᠢ᠌ᠷᠡᠨ ᠠᠶᠤᠯᠭᠦᠢ ᠦᠢᠯᠡᠳᠪᠦᠷᠢᠯᠡᠯ ᠪᠠ ᠤᠢ ᠰᠢᠭᠤᠢ ᠨᠣᠲᠤᠭ ᠪᠡᠯᠴᠢᠭᠡᠷ ᠦᠨ ᠲᠤᠢ᠌ᠮᠡᠷ ᠢ ᠰᠡᠷᠭᠡᠢ᠌ᠯᠡᠬᠦ ᠠᠵᠢᠯ ᠢ ᠬᠢᠨᠠᠨ ᠵᠢᠯᠤᠭᠤᠳᠪᠠ

  4 ᠰᠠᠷ᠎ᠠ ᠶᠢᠨ 21 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠭᠦᠨᠵᠡᠭᠡᠢ᠌ᠷᠡᠨ ᠠᠶᠤᠯᠭᠦᠢ ᠦᠢᠯᠡᠳᠪᠦᠷᠢᠯᠡᠯ᠂ ᠣᠢ ᠰᠢᠭᠤᠢ ᠨᠣᠲᠣᠭ ᠪᠡᠯᠴᠢᠭᠡᠷ ᠦᠨ ᠲᠤᠢ᠌ᠮᠡᠷ ᠢ ᠰᠡᠷᠭᠡᠢ᠌ᠯᠡᠬᠦ ᠵᠡᠷᠭᠡ ᠤᠳ᠋ᠤᠬᠠᠨ ᠤ ᠴᠢᠬᠤᠯᠠ ᠠᠵᠢᠯ ᠢ ᠬᠢᠨᠠᠨ ᠵᠢᠯᠤᠭᠤᠳᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ ᠪᠠᠷ ᠲᠠᠮᠵᠢᠨ ᠪᠦᠬᠦ ᠪᠠᠯᠭᠠᠰᠤᠨ ᠤ ᠣᠢ ᠰᠢᠭᠤᠢ ᠨᠣᠲᠣᠭ ᠪᠡᠯᠴᠢᠭᠡᠷ ᠦᠨ ᠲᠤᠢ᠌ᠮᠡᠷ ᠢ ᠰᠡᠷᠭᠡᠢ᠌ᠯᠡᠬᠦ ᠤᠬᠠᠭᠤᠯᠭ᠎ᠠ᠂ ᠲᠤᠢ᠌ᠮᠡᠷ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳ᠋ᠡᠬᠦ᠂ ᠲᠤᠢ᠌ᠮᠡᠷ ᠤᠨ ᠠᠶᠤᠯ ᠵᠢᠴᠢ ᠠᠶᠤᠯᠭᠦᠢ ᠦᠢᠯᠡᠳᠪᠦᠷᠢᠯᠡᠯ ᠦᠨ ᠲᠠᠯᠲᠡ ᠭᠡᠮ ᠢ ᠵᠢᠭᠰᠠᠭᠠᠨ ᠪᠠᠢ᠌ᠴᠠᠭᠠᠬᠤ ᠪᠤᠯᠤᠨ ᠵᠢᠵᠢᠭᠦᠷᠯᠡᠬᠦ ᠵᠡᠷᠭᠡ ᠠᠵᠢᠯ ᠢ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠢ ᠨᠠᠷᠢᠨ ᠬᠢᠨᠠᠮᠠᠭᠠᠢ ᠰᠤᠨᠤᠰᠤᠨ᠂ ᠲᠠᠷᠠᠭᠠᠴᠢ ᠶᠢᠨ ᠠᠵᠢᠯ ᠦᠷᠨᠢᠭᠦᠯᠬᠦ ᠳ᠋ᠦ ᠵᠢᠯᠤᠭᠤᠳᠬᠤ ᠴᠢᠨᠠᠷᠳ᠋ᠠᠢ ᠰᠠᠨᠠᠭᠤᠯᠭ᠎ᠠ ᠲᠤᠷᠠᠳᠪᠠ᠃

       
        ᠡᠦ ᠴᠢᠩ ᠬᠠᠢ ᠡᠴᠡ᠂ ᠪᠠᠶᠠᠷᠳ᠋ᠤᠬᠤᠰᠢᠭᠤ ᠪᠠᠯᠭᠠᠰᠤ《ᠨᠠᠮ ᠵᠠᠰᠠᠭ ᠬᠠᠮᠳ᠋ᠤᠪᠠᠷ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠢ᠌ᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠵᠦ ᠬᠠᠮᠳ᠋ᠤᠪᠠᠷ ᠬᠠᠮᠢᠶᠠᠷᠬᠤ》ᠱᠠᠭᠠᠷᠳ᠋ᠠᠯᠭ᠎ᠠ ᠶᠤᠰᠤᠭᠠᠷ᠂ ᠠᠶᠤᠯᠭᠦᠢ ᠦᠢᠯᠡᠳᠪᠦᠷᠢᠯᠡᠯ ᠦᠨ ᠬᠠᠷᠢᠭᠤᠴᠠᠯᠭ᠎ᠠ ᠶᠢ ᠪᠤᠳ᠋ᠠᠳ᠋ᠠᠢ᠌ᠵᠢᠭᠤᠯᠵᠦ᠂ ᠱᠠᠳ᠋ᠦ ᠱᠠᠳ᠋ᠤ ᠪᠠᠷ ᠲᠠᠷᠤᠯᠳ᠋ᠡ ᠥᠭ᠍ᠭᠥ ᠬᠡᠷᠡᠭ᠍ᠲᠡᠢ᠃ ᠣᠢ ᠰᠢᠭᠤᠢ ᠨᠣᠳ᠋ᠤᠭ ᠪᠡᠯᠴᠢᠭᠡᠷ ᠦᠨ ᠲᠤᠢ᠌ᠮᠡᠷ ᠢ ᠰᠡᠷᠭᠡᠢ᠌ᠯᠡᠬᠦ ᠠᠵᠢᠯ ᠢ ᠲᠡᠭᠡᠳ᠋ᠦ ᠬᠡᠮᠵᠢᠶ᠎ᠠ ᠪᠡᠷ ᠴᠢᠬᠤᠯᠠᠴᠢᠯᠡᠨ᠂ ᠤᠷᠢᠳᠴᠢᠯᠡᠨ ᠰᠡᠷᠭᠡᠢ᠌ᠯᠡᠵᠦ᠂ ᠭᠤᠤᠯᠳ᠋ᠠᠯᠭ᠎ᠠ ᠲᠡᠶ ᠤᠷᠤᠨ ᠪᠦᠰᠡ ᠶᠢ ᠬᠠᠮᠢᠶᠠᠷᠤᠨ ᠡᠵᠡᠮᠳ᠋ᠡᠬᠦ ᠶᠢ ᠦᠨᠡᠨᠬᠦ ᠴᠢᠩᠭ᠋ᠠᠳᠬᠠᠨ᠂ ᠠᠮᠤᠷ ᠲᠦ᠋ᠪᠰᠢᠨ ᠦ ᠲᠠᠯᠳ᠋ᠡ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠢ᠌ᠴᠠᠭᠠᠵᠦ ᠴᠡᠭ᠍ᠴᠡᠯᠡᠨ ᠵᠠᠰᠠᠵᠦ᠂ ᠲᠡᠭᠡᠳ᠋ᠦ ᠬᠡᠮᠵᠢᠶᠡᠨ ᠦ ᠬᠠᠷᠢᠭᠤᠴᠠᠯᠭᠠᠳ᠋ᠦ ᠣᠪᠤᠷ ᠶᠢᠡᠷ ᠠᠷᠠᠳ ᠤᠯᠠᠨ ᠤ ᠠᠮᠢ ᠨᠠᠰᠦ ᠡᠳ᠋ ᠬᠦᠷᠦᠩᠭᠡ ᠶᠢᠨ ᠠᠮᠤᠷ ᠲᠦ᠋ᠪᠰᠢᠨ ᠢ ᠦᠨᠡᠨᠬᠦ ᠪᠠᠲᠤᠯᠠᠬᠤ ᠬᠡᠷᠡᠭ᠍ᠲᠡᠢ ᠭᠡᠵᠦ ᠴᠢᠩᠭ᠋ᠠᠳᠬᠠᠪᠠ᠃

        
        ᠡᠦ ᠴᠢᠩ ᠬᠠᠢ ᠪᠠᠰᠠ ᠪᠠᠶᠠᠷᠳ᠋ᠤᠬᠤᠰᠢᠭᠤ ᠪᠠᠯᠭᠠᠰᠤᠨ ᠤ ᠪᠦᠬᠦ ᠵᠢᠯ ᠦᠨ ᠬᠦᠭ᠍ᠵᠢᠯᠳ᠋ᠡ ᠶᠢᠨ ᠲᠦ᠋ᠯᠦᠪᠵᠢᠭᠦᠯᠭᠡ ᠪᠣᠯᠣᠨ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠦᠷᠨᠢᠭᠦᠯᠵᠦ ᠪᠠᠢ᠌ᠭ᠎ᠠ ᠪᠠᠢ᠌ᠳ᠋ᠠᠯ ᠤᠨ ᠲᠤᠬᠠᠢ ᠰᠠᠨᠠᠯ ᠶᠢᠡᠨ ᠰᠤᠯᠢᠯᠴᠠᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠮᠠᠯ ᠲᠠᠷᠢᠶᠠᠯᠠᠩ ᠤᠨ ᠠᠵᠤ ᠦᠢᠯᠡᠰ ᠦᠨ ᠰᠤᠯᠢᠯᠴᠠᠭ᠎ᠠ ᠵᠤᠯᠭᠠᠯᠴᠠᠭᠠᠨ ᠤ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠬᠤᠰᠢᠭᠤᠨ ᠤ ᠠᠯᠪᠠᠨ ᠵᠢᠷᠤᠮ ᠤᠨ ᠮᠤᠳ᠋ᠤ ᠲᠠᠷᠢᠬᠤ ᠠᠵᠢᠯᠯᠠᠭ᠎ᠠ ᠳᠤ ᠢᠳ᠋ᠡᠪᠬᠢᠳ᠋ᠠᠢ ᠤᠷᠤᠯᠴᠠᠪᠠ