ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠬᠤᠰᠢᠭᠤᠨ ᠤ ᠠᠯᠪᠠᠨ ᠵᠢᠷᠤᠮ ᠤᠨ ᠮᠤᠳ᠋ᠤ ᠲᠠᠷᠢᠬᠤ ᠠᠵᠢᠯᠯᠠᠭ᠎ᠠ ᠳᠤ ᠢᠳ᠋ᠡᠪᠬᠢᠳ᠋ᠠᠢ ᠤᠷᠤᠯᠴᠠᠪᠠ

ᠬᠤᠰᠢᠭᠤᠨ ᠤ ᠨᠠᠮ ᠤᠨ ᠬᠤᠷᠢᠶᠠᠨ ᠤ ᠲᠤᠬᠢᠷᠠᠭᠤᠯᠤᠯᠳ᠋ᠠ ᠪᠠᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠣᠤ ᠯᠦ᠋ᠩ᠂ ᠵᠠᠩ ᠶᠦ᠋ᠩ ᠴᠢᠶᠠᠩ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠺᠠᠳ᠋ᠷ ᠠᠵᠢᠯᠳ᠋ᠡᠳ ᠢ ᠲᠠᠭᠠᠭᠤᠯᠤᠨ ᠯᠦ᠋ᠪᠸᠢ ᠪᠠᠯᠭᠠᠰᠤᠨ ᠤ ᠢᠦᠢ ᠫᠣᠤ ᠽᠢ ᠲᠤᠰᠬᠤᠨ ᠳᠤ ᠬᠦᠷᠴᠦ᠂ ᠪᠦᠬᠦ ᠬᠤᠰᠢᠭᠤᠨ ᠤ ᠠᠯᠪᠠᠨ ᠵᠢᠷᠤᠮ ᠤᠨ ᠮᠤᠳ᠋ᠤ ᠲᠠᠷᠢᠬᠤ ᠠᠵᠢᠯᠯᠠᠭ᠎ᠠ ᠳᠤ ᠤᠷᠤᠯᠴᠠᠪᠠ᠃
ᠤᠯᠠᠨ ᠶᠢᠡᠷ ᠶᠢᠡᠨ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠺᠠᠳ᠋ᠷ ᠪᠤᠯᠤᠭᠰᠠᠨ ᠤ ᠬᠤᠪᠢ ᠳᠤ ᠤᠢ᠌ᠵᠢᠭᠤᠯᠵᠦ ᠨᠤᠭᠤᠭᠠᠷᠠᠭᠤᠯᠬᠤ ᠠᠵᠢᠯ ᠳᠤ ᠲᠦ᠋ᠷᠦᠭᠦᠯᠡᠨ ᠤᠷᠤᠯᠴᠡᠨ᠂ ᠠᠮᠢ ᠠᠬᠤᠢ ᠶᠢᠨ ᠪᠤᠯᠪᠠᠰᠤᠨ ᠤ ᠪᠠᠢ᠌ᠭᠤᠯᠤᠯᠳ᠋ᠠ ᠳᠤ ᠬᠦᠴᠦᠨ ᠴᠢᠳ᠋ᠠᠯ ᠶᠢᠡᠨ ᠡᠷᠭᠦᠵᠦ᠂ ᠤᠷᠢᠬᠠᠨ ᠬᠠᠪᠤᠷ ᠲᠤ ᠠᠮᠢᠵᠢᠷᠡᠯ ᠤᠨ ᠬᠦᠴᠦᠨ ᠨᠡᠮᠡᠷᠢᠯᠡᠵᠦ᠂ ᠪᠤᠬᠢᠷᠳ᠋ᠦᠯ ᠦᠭᠡᠶ ᠠᠮᠢ ᠠᠬᠤᠢ ᠶᠢᠨ ᠬᠠᠯᠬᠠᠪᠴᠢ ᠶᠢ ᠪᠠᠲᠤ ᠴᠤᠬᠴᠡᠯᠡᠨ᠂ ᠪᠦᠬᠦ ᠬᠤᠰᠢᠭᠤᠨ ᠤ ᠬᠠᠪᠤᠷ ᠤᠨ ᠤᠯᠠᠷᠢᠯ ᠤᠨ ᠤᠢ᠌ᠵᠢᠭᠤᠯᠵᠤ ᠨᠤᠭᠤᠭᠠᠷᠠᠭᠤᠯᠬᠤ ᠠᠵᠢᠯ ᠢ ᠠᠬᠢᠭᠤᠯᠬᠤ ᠳᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠦᠴᠦᠨ ᠴᠢᠳ᠋ᠠᠯ ᠶᠢᠡᠨ ᠡᠷᠭᠦᠨ᠎ᠠ ᠭᠡᠵᠦ ᠢᠯᠡᠳᠭᠡᠵᠡᠭᠡᠪᠡ᠃ (ᠯᠸᠢ ᠫᠠᠩ)