ᠤᠳᠤ ᠶᠢᠨ ᠪᠠᠢ᠌ᠷᠢ᠄ ᠴᠢᠬᠤᠯᠠ ᠮᠡᠳᠡᠭᠡ → ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠮᠡᠳ᠋ᠡᠭᠡ ᠵᠠᠩᠭᠢ ᠶᠢ ᠪᠠᠢ᠌ᠴᠠᠭᠠᠨ ᠰᠤᠳ᠋ᠤᠯᠬᠤ ᠠᠵᠢᠯ ᠤᠨ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ

   4 ᠰᠠᠷ᠎ᠠ ᠶᠢᠨ 25 ᠦ ᠡᠳ᠋ᠦᠷ᠂ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠮᠡᠳ᠋ᠡᠭᠡ ᠵᠠᠩᠭᠢ ᠶᠢ ᠪᠠᠢ᠌ᠴᠠᠭᠠᠨ ᠰᠤᠳ᠋ᠤᠯᠬᠤ ᠠᠵᠢᠯ ᠤᠨ ᠰᠠᠭᠤᠳ᠋ᠠᠯ ᠤᠨ ᠬᠤᠷᠠᠯ ᠬᠤᠷᠠᠯᠳ᠋ᠤᠭᠤᠯᠵᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠵᠠᠩ ᠴᠥᠨ ᠡᠾᠦ᠋ᠢ ᠬᠤᠷᠠᠯ ᠳᠤ ᠰᠠᠭᠠᠳ᠋ᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠯᠪᠠᠨ ᠭᠡᠷ ᠦᠨ ᠠᠵᠢᠯᠳ᠋ᠡᠳ ᠬᠤᠷᠠᠯ ᠳᠤ ᠤᠷᠤᠯᠴᠠᠪᠠ᠃

       
        ᠬᠤᠷᠠᠯ ᠡᠴᠡ ᠤᠢ᠌ᠷ᠎ᠠ ᠶᠢᠨ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠮᠡᠳ᠋ᠡᠭᠡ ᠵᠠᠩᠭᠢ ᠶᠢᠨ ᠤᠬᠠᠭᠤᠯᠭ᠎ᠠ᠂ ᠪᠠᠢ᠌ᠴᠠᠭᠠᠨ ᠰᠤᠳ᠋ᠤᠯᠤᠯᠳ᠋ᠠ ᠶᠢᠨ ᠠᠵᠢᠯ ᠦᠷᠨᠢᠭᠦᠯᠦᠭ᠍ᠰᠡᠨ ᠪᠠᠢ᠌ᠳ᠋ᠠᠯ ᠤᠨ ᠲᠤᠬᠠᠢ ᠬᠠᠷᠢᠭᠤ ᠮᠡᠳ᠋ᠡᠭᠦᠯᠦᠯᠳ᠋ᠡ ᠶᠢ ᠰᠤᠨᠤᠰᠤᠭᠰᠠᠨ ᠪᠦᠭᠡᠳ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠮᠡᠳ᠋ᠡᠭᠡ ᠵᠠᠩᠭᠢ ᠶᠢᠨ  ᠤᠬᠠᠭᠤᠯᠭ᠎ᠠ ᠪᠠᠢ᠌ᠴᠠᠭᠠᠨ ᠰᠤᠳ᠋ᠤᠯᠤᠯᠳ᠋ᠠ ᠶᠢᠨ ᠠᠵᠢᠯ ᠤᠨ ᠲᠤᠮᠲᠠ ᠤᠷᠤᠰᠢᠵᠤ ᠪᠠᠢ᠌ᠬᠤ ᠬᠦᠴᠢᠷᠳ᠋ᠡᠯ ᠪᠤᠯᠤᠨ ᠠᠰᠠᠭᠤᠳ᠋ᠠᠯ ᠢ ᠶᠠᠷᠢᠯᠴᠠᠪᠠ᠃

        
        ᠡᠦ ᠴᠢᠩ ᠬᠠᠢ ᠡᠴᠡ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠮᠡᠳ᠋ᠡᠭᠡ ᠵᠠᠩᠭᠢ ᠶᠢᠨ ᠪᠠᠢ᠌ᠴᠠᠭᠠᠨ ᠰᠤᠳ᠋ᠤᠯᠤᠯᠳ᠋ᠠ ᠶᠢᠨ ᠠᠵᠢᠯ ᠢ ᠰᠠᠢ᠌ᠳ᠋ᠤᠷ ᠦᠷᠨᠢᠭᠦᠯᠬᠦ ᠳ᠋ᠦ᠂ ᠲᠥᠪ ᠶᠤᠰᠤ ᠶᠢ ᠪᠠᠷᠢᠮᠳ᠋ᠡᠯᠡᠨ ᠰᠢᠨ᠎ᠠ ᠶᠢ ᠡᠭᠦᠳᠴᠦ᠂ ᠵᠤᠷᠢᠭᠲᠠᠢ ᠪᠠᠷ ᠬᠠᠢ᠌ᠨ ᠰᠦ᠋ᠪᠡᠭ᠍ᠴᠢᠯᠡᠵᠦ᠂ ᠨᠡᠩ ᠪᠤᠳ᠋ᠠᠳ᠋ᠠᠢ ᠶᠢ ᠡᠷᠬᠢᠮᠯᠡᠬᠦ ᠰᠤᠷᠳ᠋ᠠᠯ ᠶᠢᠡᠷ ᠡᠯ᠎ᠠ ᠵᠦ᠋ᠢᠯ ᠦᠨ ᠠᠵᠢᠯ ᠤᠨ ᠦᠷᠨᠢᠯᠳ᠋ᠡ ᠶᠢ ᠲᠦ᠋ᠯᠬᠢᠨ ᠠᠬᠢᠭᠤᠯᠵᠦ᠂ ᠠᠭᠤᠰᠤᠯᠴᠡᠨ ᠨᠡᠪᠳ᠋ᠡᠷᠡᠯᠴᠡᠵᠦ᠂ ᠨᠠᠮ ᠤᠨ ᠬᠤᠷᠢᠶ᠎ᠠ ᠤᠳ᠋ᠤᠷᠢᠳ᠋ᠤᠭᠰᠠᠨ᠂ ᠬᠤᠣᠰ ᠴᠢᠭᠯᠡᠯ ᠶᠢᠡᠷ ᠬᠠᠷᠢᠯᠴᠠᠬᠰᠡᠨ᠂ ᠲᠠᠪᠠᠭᠤᠯᠢᠭ ᠶᠢᠡᠨ ᠬᠠᠷᠢᠯᠴᠡᠨ ᠨᠦ᠋ᠬᠦᠪᠦᠷᠢᠯᠡᠭ᠍ᠰᠡᠨ᠂ ᠵᠤᠬᠢᠴᠡᠯᠳ᠋ᠦᠨ ᠬᠠᠮᠵᠢᠯᠴᠡᠬᠰᠠᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠮᠡᠳ᠋ᠡᠭᠡ ᠵᠠᠩᠭᠢ ᠶᠢᠨ ᠤᠬᠠᠭᠤᠯᠭ᠎ᠠ ᠪᠠᠢ᠌ᠴᠠᠭᠠᠨ ᠰᠤᠳ᠋ᠤᠯᠤᠯᠳ᠋ᠠ ᠶᠢᠨ ᠠᠵᠢᠯ ᠤᠨ ᠪᠠᠢ᠌ᠷᠢᠰᠢᠯ ᠢ ᠪᠦᠷᠢᠯᠳ᠋ᠦᠭᠦᠯᠬᠦ ᠬᠡᠷᠡᠭ᠍ᠲᠡᠢ᠃ ᠤᠷᠤᠨ ᠤ ᠲᠤᠳ᠋ᠤᠷ᠎ᠠ ᠭᠠᠳ᠋ᠠᠨᠠᠬᠢ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠨᠡᠢ᠌ᠳ᠋ᠡᠯᠢᠭ᠌ ᠵᠢᠱᠢᠶ᠎ᠠ ᠪᠠ ᠠᠵᠢᠯ ᠤᠨ ᠲᠤᠷᠰᠢᠯᠭ᠎ᠠ ᠶᠢ ᠰᠤᠷᠤᠯᠴᠡᠨ᠂ ᠬᠦᠷᠦᠯᠴᠡᠬᠦ ᠦᠭᠡᠶ ᠲᠠᠯ᠎ᠠ ᠪᠠᠨ ᠡᠷᠢᠵᠦ᠂ ᠡᠯ᠎ᠠ ᠭᠠᠵᠠᠷ ᠤᠨ ᠲᠡᠷᠢᠭᠦᠨ ᠦ ᠠᠷᠭ᠎ᠠ ᠬᠢᠳ᠋ᠡᠯ ᠢ ᠲᠤᠰ ᠪᠡᠶ᠎ᠠ ᠶᠢᠨ ᠠᠵᠢᠯ ᠶᠢᠡᠨ ᠦᠷᠨᠢᠭᠦᠯᠬᠦ ᠬᠦᠴᠦᠲᠡᠢ《ᠠᠬᠢᠭᠤᠯᠤᠭᠴᠢ》 ᠪᠣᠯᠭᠠᠨ ᠬᠤᠪᠢᠷᠠᠭᠤᠯᠵᠦ᠂ ᠪᠠᠢ᠌ᠩᠭ᠋ᠤ ᠶᠢᠨ ᠬᠤᠷᠢᠶᠠᠨ ᠤ ᠡᠯ᠎ᠠ ᠠᠵᠢᠯ ᠤᠨ ᠵᠦ᠋ᠪᠯᠡᠯ ᠲᠡᠶ ᠨᠡᠢ᠌ᠯᠡᠮᠡᠯ ᠬᠦᠴᠦᠨ ᠢ ᠪᠦᠷᠢᠯᠳ᠋ᠦᠭᠦᠯᠵᠦ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠮᠡᠳ᠋ᠡᠭᠡ ᠵᠠᠩᠭᠢ ᠶᠢᠨ ᠤᠬᠠᠭᠤᠯᠭ᠎ᠠ ᠪᠠᠢ᠌ᠴᠠᠭᠠᠨ ᠰᠤᠳ᠋ᠤᠯᠤᠯᠳ᠋ᠠ ᠶᠢᠨ ᠠᠵᠢᠯ ᠢ ᠨᠡᠩ ᠪᠤᠳ᠋ᠠᠳ᠋ᠠᠢ᠌ᠵᠢᠭᠤᠯᠤᠨ ᠨᠠᠢ᠌ᠳ᠋ᠠᠪᠤᠷᠢᠵᠢᠭᠤᠯᠵᠦ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠮᠡᠳ᠋ᠡᠭᠡ ᠵᠠᠩᠭᠢ ᠶᠢᠨ ᠤᠬᠠᠭᠤᠯᠭ᠎ᠠ ᠪᠠᠢ᠌ᠴᠠᠭᠠᠨ ᠰᠤᠳ᠋ᠤᠯᠤᠯᠳ᠋ᠠ ᠶᠢᠨ ᠠᠵᠢᠯ ᠤᠨ ᠰᠢᠨ᠎ᠠ ᠬᠠᠭᠤᠳ᠋ᠠᠰᠦ ᠶᠢ ᠪᠢᠴᠢᠭᠯᠡᠬᠦ ᠬᠡᠷᠡᠭ᠍ᠲᠡᠢ ᠭᠡᠵᠦ ᠱᠠᠭᠠᠷᠳ᠋ᠠᠪᠠ᠃
        ᠬᠤᠷᠠᠯ ᠲᠡᠭᠡᠷ᠎ᠠ᠂ ᠵᠠᠩ ᠴᠥᠨ ᠡᠾᠦ᠋ᠢ ᠡᠴᠡ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠮᠡᠳ᠋ᠡᠭᠡ ᠵᠠᠩᠭᠢ ᠶᠢᠨ ᠤᠬᠠᠭᠤᠯᠭ᠎ᠠ ᠪᠠᠢ᠌ᠴᠠᠭᠠᠨ ᠰᠤᠳ᠋ᠤᠯᠤᠯᠳ᠋ᠠ ᠶᠢᠨ ᠠᠵᠢᠯ ᠢ ᠬᠡᠷᠬᠢᠨ ᠴᠢᠩᠭ᠋ᠠᠳᠬᠠᠬᠤ ᠲᠤᠬᠠᠢ ᠵᠢᠯᠤᠭᠤᠳᠬᠤ ᠴᠢᠨᠠᠷᠳ᠋ᠠᠢ ᠰᠠᠨᠠᠯ ᠰᠠᠨᠠᠭᠤᠯᠭ᠎ᠠ ᠲᠤᠷᠠᠳᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠬᠤᠰᠢᠭᠤᠨ ᠤ ᠠᠯᠪᠠᠨ ᠵᠢᠷᠤᠮ ᠤᠨ ᠮᠤᠳ᠋ᠤ ᠲᠠᠷᠢᠬᠤ ᠠᠵᠢᠯᠯᠠᠭ᠎ᠠ ᠳᠤ ᠢᠳ᠋ᠡᠪᠬᠢᠳ᠋ᠠᠢ ᠤᠷᠤᠯᠴᠠᠪᠠ
ᠳᠠᠷᠠᠭᠠᠬᠢ᠄ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠠᠯᠪᠠᠨ ᠠᠵᠢᠯᠳ᠋ᠡᠨ ᠤ ᠢᠳ᠋ᠡᠭᠡᠮᠵᠢ ᠶᠢᠨ ᠬᠦᠮᠦᠵᠢᠯ ᠦᠨ ᠲᠤᠰᠬᠠᠢ ᠰᠡᠳ᠋ᠦᠪᠳ᠋ᠦ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠪᠠ