ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠠᠷᠠᠳ ᠤᠨ ᠲᠦ᠋ᠯᠦᠭᠡᠯᠡᠭ᠍ᠴᠢᠳ ᠦᠨ ᠬᠦᠴᠦᠨ ᠢ ᠨᠢᠬᠲᠠᠷᠠᠭᠤᠯᠵᠦ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢᠯᠡᠵᠦ ᠪᠠᠢ᠌ᠭ᠎ᠠ
ᠠᠷᠠᠳ ᠤᠨ ᠲᠦ᠋ᠯᠦᠭᠡᠯᠡᠭ᠍ᠴᠢ ᠶᠢᠨ ᠵᠢᠱᠢᠶᠡᠴᠢ ᠦᠵᠡᠭᠦᠯᠦᠨ ᠲᠠᠢ᠌ᠴᠢᠯᠠᠬᠤ ᠦᠢᠯᠡᠳ᠋ᠦᠯ ᠢ ᠭᠦᠢᠴᠡᠳ ᠪᠠᠳ᠋ᠠᠷᠠᠭᠤᠯᠬᠤ ᠶᠢᠨ ᠲᠥᠯᠦᠭᠡ᠂ ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠶᠢ ᠵᠤᠬᠢᠶᠠᠨ ᠪᠠᠢ᠌ᠭᠤᠯᠵᠦ ᠠᠷᠠᠳ ᠤᠨ ᠪᠠᠢ᠌ᠳ᠋ᠠᠯ ᠢ ᠨᠡᠩ ᠰᠠᠢ᠌ᠳ᠋ᠤᠷ ᠤᠢ᠌ᠯᠠᠭᠠᠨ᠂ ᠠᠷᠠᠳ ᠤᠨ ᠲᠦ᠋ᠯᠦᠭᠡᠯᠡᠭ᠍ᠴᠢ ᠪᠤᠯᠤᠨ ᠰᠤᠩᠭ᠋ᠤᠭᠤᠯᠢ ᠶᠢᠨ ᠠᠷᠠᠳ ᠤᠨ ᠬᠠᠷᠢᠯᠴᠠᠭ᠎ᠠ ᠶᠢ ᠴᠢᠩᠭ᠋ᠠᠳᠬᠠᠵᠦ᠂ ᠬᠦᠴᠦ ᠪᠡᠨ ᠲᠦ᠋ᠪᠯᠡᠷᠡᠭᠦᠯᠦᠨ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠠᠵᠢᠯ ᠤᠨ ᠭᠦᠨᠵᠡᠭᠡᠢ᠌ᠷᠡᠨ ᠪᠤᠳ᠋ᠠᠳ᠋ᠠᠢ᠌ᠵᠢᠬᠤ ᠶᠢ ᠠᠬᠢᠭᠤᠯᠪᠠ᠃

ᠪᠠᠢ᠌ᠴᠠᠭᠠᠨ ᠰᠤᠳ᠋ᠤᠯᠵᠦ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠠᠵᠢᠯ ᠤᠨ ᠰᠠᠢ᠌ᠨ ᠬᠢᠨᠠᠯᠳ᠋ᠠ ᠲᠠᠯᠪᠢᠬᠴᠢ ᠪᠣᠯᠪᠠ᠃ ᠵᠢᠯ ᠦᠨ ᠡᠬᠢᠨ ᠡᠴᠡ ᠨᠠᠭᠠᠰᠢ᠂ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠦ ᠤᠨᠴᠠᠯᠢᠬᠳ᠋ᠦ ᠠᠵᠤ ᠦᠢᠯᠡᠰ ᠦᠨ ᠬᠦᠭ᠍ᠵᠢᠯᠳ᠋ᠡ᠂ ᠭᠤᠤᠯᠳ᠋ᠠᠯᠭ᠎ᠠ ᠲᠡᠶ ᠲᠥᠷᠦᠯ ᠵᠦ᠋ᠢᠯ ᠦᠨ ᠪᠦᠳ᠋ᠦᠭᠡᠨ ᠪᠠᠢ᠌ᠭᠤᠯᠤᠯᠳ᠋ᠠ᠂ ᠲᠤᠰᠬᠤᠨ ᠤ ᠬᠠᠮᠲᠤ ᠶᠢᠨ ᠠᠵᠤ ᠠᠬᠤᠢ᠂ ᠲᠦ᠋ᠬᠦᠭᠡᠷᠦᠮᠵᠢᠳ᠋ᠦ ᠲᠠᠷᠢᠶᠠᠯᠠᠩ ᠮᠠᠯ ᠠᠵᠤ ᠠᠬᠤᠢ ᠶᠢᠨ ᠪᠦᠳ᠋ᠦᠭᠡᠨ ᠪᠠᠢ᠌ᠭᠤᠯᠤᠯᠳ᠋ᠠ ᠵᠡᠷᠭᠡ ᠶᠢ 9 ᠤᠳ᠋ᠠᠭ᠎ᠠ ᠲᠤᠭᠤᠷᠢᠨ ᠪᠠᠢ᠌ᠴᠠᠭᠠᠵᠦ᠂ ᠠᠶᠤᠯᠭᠦᠢ ᠦᠢᠯᠡᠳᠪᠦᠷᠢᠯᠡᠯ᠂ ᠡᠷᠡᠭᠦᠯ ᠬᠠᠮᠠᠭᠠᠯᠠᠯ ᠢ ᠴᠡᠭ᠍ᠴᠡᠯᠡᠨ ᠰᠠᠢ᠌ᠵᠢᠷᠠᠭᠤᠯᠬᠤ᠂ ᠲᠠᠷᠢᠶᠠᠨ ᠭᠠᠵᠠᠷ ᠤᠨ ᠤᠰᠤᠨ ᠠᠰᠢᠭᠯᠠᠯᠳ᠋ᠠ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠦᠯᠢ ᠬᠡᠷᠡᠭ᠍ᠵᠢᠭᠦᠯᠦᠯᠳ᠋ᠡ ᠵᠡᠷᠭᠡ ᠭᠤᠤᠯᠳ᠋ᠠᠯᠭ᠎ᠠ ᠲᠡᠶ ᠠᠵᠢᠯ ᠢ 7 ᠤᠳ᠋ᠠᠭ᠎ᠠ ᠬᠢᠨᠠᠨ ᠪᠠᠢ᠌ᠴᠠᠭᠠᠵᠦ᠂ ᠬᠠᠮᠳ᠋ᠤ ᠶᠢᠨ ᠠᠵᠤ ᠠᠬᠤᠢ ᠶᠢ ᠪᠤᠵᠠᠭᠠᠢ᠌ᠷᠠᠭᠤᠯᠬᠤ᠂《ᠬᠤᠯᠢᠰᠢᠨ ᠢᠳ᠋ᠡᠭᠡᠨ》 ᠤ ᠢᠨᠵᠢᠨᠧᠷᠢᠩ ᠦᠨ ᠪᠦᠳ᠋ᠦᠭᠡᠨ ᠪᠠᠢ᠌ᠭᠤᠯᠤᠯᠳ᠋ᠠ᠂ ᠪᠤᠬᠢᠷᠳ᠋ᠤᠯ ᠢ ᠰᠡᠷᠭᠡᠢ᠌ᠯᠡᠨ ᠵᠠᠰᠠᠬᠤ ᠵᠡᠷᠭᠡ ᠲᠠᠯ᠎ᠠ ᠪᠠᠷ ᠦᠨᠡᠨᠬᠦ ᠬᠡᠷᠡᠭ᠍ᠵᠢᠭᠦᠯᠵᠦ ᠪᠣᠯᠬᠤᠢ᠌ᠴᠡ ᠰᠠᠨᠠᠯ ᠰᠠᠨᠠᠭᠤᠯᠭ᠎ᠠ ᠶᠢ ᠲᠤᠷᠠᠳ᠋ᠤᠨ᠂ ᠠᠵᠤ ᠦᠢᠯᠡᠰ ᠦᠨ ᠬᠦᠭ᠍ᠵᠢᠯᠳ᠋ᠡ ᠶᠢ ᠲᠥᠷᠭᠡᠳᠭᠡᠬᠦ᠂ ᠬᠦᠳ᠋ᠡᠭᠡ ᠲᠤᠰᠬᠤᠨ ᠤ ᠬᠦᠮᠦᠨ ᠰᠠᠭᠤᠴᠠ ᠶᠢᠨ ᠤᠷᠤᠰᠢᠨ ᠰᠠᠭᠤᠷᠢᠰᠢᠬᠤ ᠣᠷᠴᠢᠨ ᠲᠤᠭᠤᠷᠢᠨ ᠢ ᠰᠠᠢ᠌ᠵᠢᠷᠠᠭᠤᠯᠬᠤ ᠳᠤ ᠢᠳ᠋ᠡᠪᠬᠢᠳ᠋ᠠᠢ ᠦᠢᠯᠡᠳ᠋ᠦᠯ ᠦᠵᠡᠭᠦᠯᠪᠡ᠃
ᠬᠦᠬᠦᠷᠭᠡ ᠬᠤᠯᠪᠤᠭᠠᠰᠤ ᠪᠣᠯᠵᠦ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢᠨ ᠰᠠᠢ᠌ᠨ ᠲᠠᠨᠢᠯᠴᠠᠭᠤᠯᠤᠭᠴᠢ ᠪᠣᠯᠪᠠ᠃ 3 ᠰᠠᠷ᠎ᠠ ᠶᠢᠨ 3 ᠦ ᠡᠳ᠋ᠦᠷ᠂ ᠯᠦ᠋ᠪᠸᠢ ᠪᠠᠯᠭᠠᠰᠤ ᠪᠤᠯᠤᠨ ᠯᠢᠶᠤᠤᠨᠢᠩ ᠤᠨ ᠪᠠᠷᠢᠯᠭ᠎ᠠ ᠶᠢᠨ ᠮᠡᠷᠭᠡᠵᠢᠯ ᠦᠨ ᠶᠡᠬᠡ ᠰᠤᠷᠭᠠᠭᠤᠯᠢ ᠲᠡᠶ ᠬᠤᠳ᠋ᠠᠯᠳ᠋ᠤᠭᠠᠴᠢᠨ ᠤᠷᠢᠵᠦ ᠪᠡᠯᠡ ᠤᠷᠤᠭᠤᠯᠬᠤ ᠬᠤᠷᠠᠯ ᠬᠤᠷᠠᠯᠳ᠋ᠤᠭᠤᠯᠪᠠ᠂ 4 ᠰᠠᠷ᠎ᠠ ᠶᠢᠨ 7 ᠦ ᠡᠳ᠋ᠦᠷ᠂ ᠯᠦ᠋ᠪᠸᠢ ᠪᠠᠯᠭᠠᠰᠦ ᠱᠠᠨᠳ᠋ᠦ᠋ᠩ ᠤᠨ ᠭᠠᠵᠠᠷ ᠰᠢᠷᠤᠢ ᠶᠢᠨ ᠯᠸ ᠹᠠᠩ ᠳ᠋ᠠ ᠬᠦᠭ᠍ᠵᠢᠯᠳ᠋ᠡ ᠶᠢᠨ ᠬᠢᠵᠠᠭᠠᠷᠳ᠋ᠤ ᠺᠤᠮᠫᠠᠨᠢ ᠲᠡᠶ ᠵᠢᠯ ᠦᠨ 100 ᠲᠦ᠋ᠮᠡᠨ ᠲᠡᠭ᠍ᠰᠢ ᠲᠥᠷᠪᠡᠯᠵᠢᠨ ᠮᠸᠲ᠋ᠷ ᠦᠨ ᠲᠡᠮᠣᠷᠯᠢᠭ᠌ ᠪᠣᠰᠦ ᠬᠦᠳ᠋ᠡᠷ ᠦᠨ ᠭᠠᠷᠤᠯᠳ᠋ᠡ ᠶᠢᠨ ᠲᠦ᠋ᠷᠥᠯ ᠵᠦ᠋ᠢᠯ ᠦᠨ ᠲᠤᠬᠠᠢ ᠭᠡᠷ᠎ᠠ ᠲᠤᠬᠳ᠋ᠠᠬᠤ ᠶᠤᠰᠤᠯᠠᠯ ᠶᠠᠪᠤᠭᠤᠯᠵᠦ᠂ ᠠᠷᠠᠳ ᠤᠨ ᠲᠦ᠋ᠯᠦᠭᠡᠯᠡᠭ᠍ᠴᠢᠳ ᠬᠦᠭᠦᠷᠭᠡ ᠬᠤᠯᠪᠤᠭᠠᠰᠦ ᠶᠢᠨ ᠦᠢᠯᠡᠳ᠋ᠦᠯ ᠦᠵᠡᠭᠦᠯᠦᠨ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢᠯᠡᠪᠡ᠃

ᠰᠢᠨᠵᠢᠯᠡᠨ ᠪᠠᠢ᠌ᠴᠠᠭᠠᠵᠦ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢᠨ ᠰᠠᠢ᠌ᠨ ᠲᠤᠰᠠᠯᠠᠭᠴᠢ ᠪᠣᠯᠪᠠ᠃ 3 ᠰᠠᠷ᠎ᠠ ᠶᠢᠨ 15 ᠦ ᠡᠳ᠋ᠦᠷ᠂ ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠲᠡᠷᠢᠭᠦᠯᠡᠭ᠍ᠴᠢᠳ ᠦᠨ ᠪᠦᠯᠬᠦᠮ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠦ ᠬᠢᠩᠭ᠋ᠠᠨ ᠠᠢ᠌ᠮᠠᠭ ᠤᠨ ᠬᠣᠷᠴᠢᠨ ᠪᠠᠷᠠᠭᠤᠨ ᠭᠠᠷᠤᠨ ᠲᠤᠮᠳ᠋ᠠᠳ᠋ᠤ ᠬᠣᠰᠢᠭᠤᠨ ᠤ ᠮᠤᠩᠭ᠋ᠤᠯ ᠦᠨᠳ᠋ᠦᠰᠦᠳ᠋ᠡᠨ ᠦ ᠬᠠᠤᠬᠤᠮᠡᠯ ᠶᠢᠡᠷ ᠶᠠᠳ᠋ᠠᠭᠤ ᠶᠢ ᠲᠡᠳᠭᠦᠬᠦ ᠠᠵᠤ ᠦᠢᠯᠡᠰ ᠦᠨ ᠰᠠᠭᠤᠷᠢᠨ ᠭᠠᠵᠠᠷ ᠪᠠ ᠵᠠᠷᠤᠳ ᠬᠤᠰᠢᠭᠤᠨ ᠤ ᠢᠳ᠋ᠡᠰᠢᠨ ᠮᠥᠭᠥ ᠲᠠᠷᠢᠬᠤ ᠬᠤᠷᠰᠢᠶᠠᠵᠢᠯ ᠳᠤ ᠬᠦᠷᠴᠦ᠂ ᠲᠤᠬᠠᠢ ᠶᠢᠨ ᠭᠠᠵᠠᠷ ᠢ ᠲᠤᠭᠤᠷᠢᠨ ᠦᠵᠡᠵᠦ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳ᠋ᠦ ᠨᠡᠩ ᠰᠠᠢ᠌ᠳ᠋ᠤᠷ ᠠᠷᠭ᠎ᠠ ᠤᠬᠠᠭᠠᠨ ᠭᠠᠷᠭᠠᠵᠦ ᠰᠢᠨ᠎ᠠ ᠰᠡᠳᠭᠢᠮᠵᠢ ᠶᠢ ᠨᠡᠭᠡᠭᠡᠪᠡ᠃
ᠬᠠᠷᠢᠭᠤᠴᠠᠯᠭ᠎ᠠ ᠡᠭᠦᠷᠭᠡᠯᠡᠨ ᠵᠢᠳᠭᠥᠯ ᠴᠢᠷᠮᠠᠢ᠌ᠯᠭ᠎ᠠ ᠭᠠᠷᠭᠠᠵᠦ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠰᠠᠢ᠌ᠨ ᠤᠷᠤᠯᠴᠠᠭᠴᠢ ᠪᠣᠯᠪᠠ᠃ ᠠᠷᠠᠳ ᠤᠨ ᠲᠦ᠋ᠯᠦᠭᠡᠯᠡᠭ᠍ᠴᠢᠳ ᠣᠷᠴᠢᠨ ᠲᠤᠭᠤᠷᠢᠨ ᠢ ᠴᠡᠭ᠍ᠴᠡᠯᠡᠨ ᠵᠠᠰᠠᠬᠤ᠂ ᠬᠠᠦᠯᠢ ᠲᠦ᠋ᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ᠂ ᠣᠢ ᠰᠢᠭᠤᠢ ᠨᠤᠲᠤᠭ ᠪᠡᠯᠴᠢᠭᠡᠷ ᠦᠨ ᠲᠤᠢ᠌ᠮᠡᠷ ᠢ ᠰᠡᠷᠭᠡᠢ᠌ᠯᠡᠬᠦ᠂《ᠢᠷᠭᠡᠨ ᠦ ᠬᠠᠦᠯᠢ ᠶᠢᠨ ᠪᠢᠴᠢᠭ᠌》ᠵᠡᠷᠭᠡ ᠬᠠᠦᠯᠢ ᠴᠠᠭᠠᠵᠠ ᠬᠠᠦᠯᠢ ᠲᠤᠭᠳ᠋ᠠᠭᠠᠯ ᠤᠨ ᠮᠡᠳ᠋ᠡᠯᠭᠡ ᠶᠢᠨ ᠤᠬᠠᠭᠤᠯᠭ᠎ᠠ ᠶᠢ ᠬᠠᠮᠵᠢᠯᠴᠡᠨ ᠦᠷᠨᠢᠭᠦᠯᠪᠡ︔ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠢ᠌ᠯᠪᠤᠷᠢᠯᠠᠬᠤ ᠠᠵᠢᠯ ᠦᠷᠨᠢᠭᠦᠯᠦᠨ᠂ ᠠᠷᠠᠳ ᠤᠨ ᠲᠦ᠋ᠯᠦᠭᠡᠯᠡᠭ᠍ᠴᠢ ᠤᠯᠠᠨ ᠲᠦ᠋ᠮᠡᠨ ᠲᠡᠶ ᠨᠢᠬᠲᠡ ᠬᠠᠷᠢᠯᠴᠠᠬᠤ ᠲᠠᠪᠠᠭᠤᠯᠢᠭ ᠢ ᠪᠠᠳ᠋ᠠᠷᠠᠭᠤᠯᠵᠦ᠂ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠠᠷᠠᠳ ᠤᠯᠠᠨ ᠳᠤ ᠭᠦᠨᠵᠡᠭᠡᠢ᠌ᠷᠡᠭᠦᠯᠦᠨ᠂ ᠤᠯᠠᠨ ᠲᠦ᠋ᠮᠡᠨ ᠦ ᠵᠣᠯ ᠵᠢᠷᠭᠠᠯᠳ᠋ᠦ ᠲᠦ᠋ᠷᠦᠭ᠍ᠳ᠋ᠡᠯ ᠪᠠ ᠬᠥᠷᠳ᠋ᠡᠮᠵᠢ ᠶᠢᠨ ᠲᠥᠷᠥᠭ᠍ᠳ᠋ᠡᠯ ᠢ ᠬᠦᠴᠦᠯᠡᠨ ᠲᠡᠭᠡᠭ᠍ᠰᠢᠯᠡᠭᠦᠯᠪᠡ᠃ (ᠯᠸᠢ ᠫᠠᠩ)