ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠠᠯᠪᠠᠨ ᠠᠵᠢᠯᠳ᠋ᠡᠨ ᠤ ᠢᠳ᠋ᠡᠭᠡᠮᠵᠢ ᠶᠢᠨ ᠬᠦᠮᠦᠵᠢᠯ ᠦᠨ ᠲᠤᠰᠬᠠᠢ ᠰᠡᠳ᠋ᠦᠪᠳ᠋ᠦ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠪᠠ

5 ᠰᠠᠷ᠎ᠠ ᠶᠢᠨ 4 ᠦ ᠡᠳ᠋ᠦᠷ ᠦᠨ ᠦᠳ᠋ᠡ ᠶᠢᠨ ᠬᠤᠢ᠌ᠨ᠎ᠠ᠂ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠠᠯᠪᠠᠨ ᠠᠵᠢᠯᠳ᠋ᠡᠨ ᠤ ᠢᠳ᠋ᠡᠭᠡᠮᠵᠢ ᠶᠢᠨ ᠬᠦᠮᠦᠵᠢᠯ ᠦᠨ ᠲᠤᠰᠬᠠᠢ ᠰᠡᠳ᠋ᠦᠪᠳ᠋ᠦ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠣ ᠯᠦ᠋ᠩ᠂ ᠬᠤᠰᠢᠭᠤᠨ ᠤ ᠰᠠᠬᠢᠯᠭ᠎ᠠ ᠪᠠᠲᠤ ᠪᠠᠢ᠌ᠴᠠᠭᠠᠬᠤ ᠬᠤᠷᠢᠶ᠎ᠠ ᠡᠴᠡ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠳᠤ ᠲᠤᠮᠢᠯᠠᠭᠰᠠᠨ ᠰᠠᠬᠢᠯᠭ᠎ᠠ ᠪᠠᠲᠤ ᠪᠠᠢ᠌ᠴᠠᠭᠠᠬᠤ ᠲᠤᠭᠤᠢ᠌ᠯᠠᠩ ᠤᠨ ᠲᠠᠷᠤᠭ᠎ᠠ ᠪᠠᠶᠡᠨ ᠬᠤᠷᠠᠯ ᠳᠤ ᠤᠷᠤᠯᠴᠠᠪᠠ᠃
ᠬᠤᠷᠠᠯ ᠲᠡᠭᠡᠷ᠎ᠠ《ᠤᠯᠤᠰ ᠤᠨ ᠠᠯᠪᠠᠲᠠᠨ ᠤ ᠦᠨᠡᠨᠴᠢ ᠢᠳ᠋ᠡᠭᠡᠮᠵᠢ ᠶᠢᠨ ᠲᠥᠷᠢᠮ ᠪᠠ ᠠᠵᠢᠯᠯᠠᠭᠠᠨ ᠤ ᠲᠥᠷᠢᠮᠵᠢᠯ》《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠲᠤᠳ᠋ᠤᠭᠠᠳ᠋ᠤ ᠶᠢᠨ ᠬᠢᠨᠠᠯᠳ᠋ᠠ ᠲᠠᠯᠪᠢᠬᠤ ᠲᠥᠷᠢᠮ》ᠵᠡᠷᠭᠡ ᠠᠭᠤᠯᠭ᠎ᠠ ᠶᠢ ᠲᠦ᠋ᠪᠯᠡᠷᠡᠭᠦᠯᠦᠨ ᠰᠤᠷᠤᠯᠴᠠᠵᠦ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢ᠌ᠭᠤᠯᠬᠤ ᠬᠡᠯᠲᠡᠰ ᠦᠨ《ᠵᠠᠷᠤᠳ ᠬᠤᠰᠢᠭᠤᠨ ᠤ ᠠᠯᠳ᠋ᠠᠭ᠎ᠠ ᠪᠤᠷᠤᠭᠤ ᠶᠢ ᠠᠭᠤᠴᠢᠯᠠᠬᠤ ᠵᠥᠪ ᠪᠤᠷᠤᠭᠤ ᠶᠢᠨ ᠲᠤᠬᠠᠢ ᠨᠠᠷᠢᠨ ᠲᠠᠩᠰᠠ ᠶᠢᠨ ᠮᠡᠳ᠋ᠡᠭ᠍ᠳ᠋ᠡᠯ》 ᠢ ᠤᠯᠠᠮᠵᠢᠯᠡᠨ ᠲᠠᠷᠬᠠᠭᠠᠪᠠ᠃
ᠬᠤᠷᠠᠯ ᠡᠴᠡ᠂ ᠦᠨᠡᠨᠴᠢ ᠢᠳ᠋ᠡᠭᠡᠮᠵᠢ ᠶᠢᠨ ᠬᠦᠮᠦᠵᠢᠯ ᠢ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠡᠳ᠋ᠦᠷ ᠲᠤᠳ᠋ᠤᠮ ᠤᠨ ᠠᠵᠢᠯ ᠤᠨ ᠲᠣᠮᠲᠠ ᠲᠤᠭᠤᠰᠢᠯᠠᠭᠤᠯᠤᠨ᠂ ᠨᠠᠮ ᠤᠨ ᠰᠤᠷᠳ᠋ᠠᠯ ᠴᠢᠭᠡᠴᠢ ᠵᠠᠰᠠᠭ᠂ ᠰᠤᠷᠳ᠋ᠠᠯ ᠤᠨ ᠪᠠᠢ᠌ᠭᠤᠯᠤᠯᠳ᠋ᠠ᠂ ᠪᠠᠢ᠌ᠭᠤᠯᠭ᠎ᠠ ᠶᠢᠨ ᠲᠤᠰ ᠪᠡᠶ᠎ᠠ ᠶᠢᠨ ᠪᠠᠢ᠌ᠭᠤᠯᠤᠯᠳ᠋ᠠ ᠵᠡᠷᠭᠡ ᠭᠤᠤᠯᠳ᠋ᠠᠯᠭ᠎ᠠ ᠲᠡᠶ ᠠᠵᠢᠯ ᠤᠨ ᠲᠤᠮᠲᠠ ᠠᠭᠤᠰᠤᠯᠴᠠᠭᠤᠯᠵᠦ᠂ ᠪᠠᠢ᠌ᠭᠤᠯᠭ᠎ᠠ ᠶᠢᠨ ᠺᠠᠳ᠋ᠷ ᠤᠨ ᠶᠤᠰᠤ ᠰᠤᠷᠳ᠋ᠠᠬᠤᠨ ᠤ ᠦᠨᠡᠨᠴᠢ ᠢᠳ᠋ᠡᠭᠡᠮᠵᠢ ᠶᠢᠨ ᠬᠡᠪ ᠪᠣᠯᠪᠰᠤᠷᠠᠯ ᠢ ᠲᠡᠭᠡᠭ᠍ᠰᠢᠯᠡᠭᠦᠯᠬᠦ ᠶᠢ ᠠᠬᠢᠭᠤᠯᠬᠤ ᠬᠡᠷᠡᠭ᠍ᠲᠡᠢ᠃ ᠪᠦᠬᠦ ᠠᠯᠪᠠᠨ ᠲᠤᠰᠢᠶᠠᠯᠳ᠋ᠡᠨ ᠡᠷᠭᠡᠪᠰᠢ ᠦᠪᠡᠷ ᠢ ᠪᠡᠨ ᠴᠢᠩᠭ᠎ᠠ ᠱᠠᠭᠠᠷᠳ᠋ᠠᠵᠦ᠂ ᠠᠯᠪᠠᠨ ᠵᠠᠷᠤᠴᠠ ᠶᠢᠨ ᠤᠬᠠᠮᠰᠡᠷ ᠶᠢᠡᠨ ᠴᠢᠩᠭ᠋ᠠᠳᠬᠠᠨ᠂ ᠨᠠᠮ ᠤᠨ ᠵᠤᠷᠢᠯᠳ᠋ᠡ ᠶᠢ ᠴᠢᠷᠮᠠᠢ᠌ᠨ ᠦᠢᠯᠡᠳ᠋ᠦᠯᠭᠡᠵᠢᠭᠦᠯᠵᠦ᠂ ᠦᠨᠡᠨᠴᠢ ᠢᠳ᠋ᠡᠭᠡᠮᠵᠢ ᠶᠢᠨ ᠤᠢ᠌ᠯᠠᠭᠠᠭᠳ᠋ᠠᠬᠤᠨ ᠢ ᠬᠦᠮᠦᠰ ᠦᠨ ᠲᠠᠷᠢᠬᠢᠨ ᠳᠤ ᠬᠠᠳ᠋ᠠᠩᠰᠢᠭᠤᠯᠤᠨ᠂ ᠪᠣᠳ᠋ᠠᠳ᠋ᠤ ᠠᠵᠢᠯᠯᠠᠭ᠎ᠠ ᠪᠣᠯᠭᠠᠬᠤ ᠶᠢ ᠪᠦᠳ᠋ᠦᠮᠵᠢᠳ᠋ᠡᠢ ᠠᠬᠢᠭᠤᠯᠬᠤ ᠬᠡᠷᠡᠭ᠍ᠲᠡᠢ ᠭᠡᠵᠦ ᠱᠠᠭᠠᠷᠳ᠋ᠠᠪᠠ᠃ (ᠯᠸᠢ ᠫᠠᠩ)