ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠰᠤᠷᠳ᠋ᠠᠯ ᠴᠢᠭᠡᠴᠢ ᠵᠠᠰᠠᠭ ᠤᠨ ᠪᠠᠢ᠌ᠭᠤᠯᠤᠯᠳ᠋ᠠ ᠶᠢᠨ ᠠᠵᠢᠯ ᠤᠨ ᠬᠤᠷᠠᠯ ᠬᠤᠷᠠᠯᠳ᠋ᠤᠪᠠ

       
         5 ᠰᠠᠷ᠎ᠠ ᠶᠢᠨ 6 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠰᠤᠷᠳ᠋ᠠᠯ ᠴᠢᠭᠡᠴᠢ ᠵᠠᠰᠠᠭ ᠤᠨ ᠪᠠᠢ᠌ᠭᠤᠯᠤᠯᠳ᠋ᠠ ᠶᠢᠨ ᠠᠵᠢᠯ ᠤᠨ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠣᠤ ᠯᠦ᠋ᠩ᠂ ᠵᠠᠩ ᠶᠦ᠋ᠩ ᠴᠢᠶᠠᠩ᠂ ᠶᠡᠩ ᠵᠸᠨ ᠴᠢᠩ᠂ ᠬᠤᠰᠢᠭᠤᠨ ᠤ ᠰᠠᠬᠢᠯᠭ᠎ᠠ ᠪᠠᠲᠤ ᠪᠠᠢ᠌ᠴᠠᠭᠠᠬᠤ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠬᠢᠨᠠᠨ ᠪᠠᠢ᠌ᠴᠠᠭᠠᠬᠤ ᠵᠦ᠋ᠪᠯᠡᠯ  ᠤᠨ ᠭᠡᠰᠢᠭᠦᠨ ᠱᠢ ᠢᠦᠢ ᠭᠦᠸᠸ ᠬᠤᠷᠠᠯ ᠳᠤ ᠰᠠᠭᠠᠳ᠋ᠠᠵᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠺᠠᠳ᠋ᠷ ᠠᠵᠢᠯᠳ᠋ᠡᠳ ᠬᠤᠷᠠᠯ ᠳᠤ ᠤᠷᠤᠯᠴᠠᠪᠠ᠃ ᠬᠤᠷᠠᠯ ᠢ ᠪᠣᠤ ᠯᠦ᠋ᠩ ᠡᠷᠬᠢᠯᠡᠪᠡ᠃

        

     ᠬᠤᠷᠠᠯ ᠲᠡᠭᠡᠷ᠎ᠠ᠂ ᠡᠦ ᠴᠢᠩ ᠬᠠᠢ ᠡᠴᠡ ᠪᠦᠬᠦ ᠺᠠᠳ᠋ᠷ ᠠᠵᠢᠯᠳ᠋ᠡᠨ ᠳᠤ ᠴᠢᠭᠡᠴᠢ ᠵᠠᠰᠠᠭ ᠤᠨ ᠨᠠᠮ ᠤᠨ ᠬᠢᠴᠢᠶᠡᠯ ᠤᠷᠤᠵᠦ᠂ ᠠᠷᠢᠭᠤᠨ ᠴᠢᠭᠡᠴᠢ ᠪᠡᠷ ᠪᠡᠶ᠎ᠠ ᠪᠡᠨ ᠱᠠᠭᠠᠷᠳ᠋ᠠᠬᠤ ᠦᠵᠡᠯ ᠰᠠᠨᠠᠭᠠᠨ ᠤ ᠰᠡᠷᠭᠡᠢ᠌ᠯᠡᠯᠳ᠋ᠡ ᠶᠢᠨ ᠱᠤᠭᠤᠮ ᠢ ᠪᠠᠲᠤ ᠴᠤᠬᠴᠡᠯᠡᠨ᠂ ᠤᠨᠤᠯ ᠤᠨ ᠰᠤᠷᠤᠯᠴᠠᠯᠭ᠎ᠠ ᠪᠠᠨ ᠤᠯᠠᠮ ᠨᠢᠭᠡ ᠠᠯᠬᠤᠮ ᠴᠢᠩᠭ᠋ᠠᠳᠬᠠᠵᠦ᠂ ᠨᠠᠮ ᠤᠨ ᠲᠡᠦᠬᠡ᠂ ᠨᠠᠮ  ᠤᠨ ᠲᠥᠷᠢᠮ᠂ ᠨᠠᠮ ᠰᠠᠬᠢᠯᠭ᠎ᠠ ᠨᠠᠮ ᠤᠨ ᠲᠤᠭᠳ᠋ᠠᠭᠠᠯ ᠢ ᠨᠠᠷᠢᠨ ᠬᠢᠨᠠᠮᠠᠭᠠᠢ ᠰᠤᠷᠤᠯᠴᠡᠨ᠂ ᠤᠭ ᠵᠤᠬᠢᠶᠠᠯ ᠢ ᠤᠩᠰᠢᠨ᠂ ᠤᠭ ᠶᠤᠰᠤ ᠶᠢ ᠣᠢ᠌ᠯᠠᠭᠠᠵᠦ᠂ ᠨᠠᠮ ᠤᠨ ᠰᠢᠨ᠎ᠠ ᠶᠢ ᠡᠭᠦᠳ᠋ᠦᠭ᠍ᠰᠡᠨ ᠤᠨᠤᠯ ᠶᠢᠡᠷ ᠦᠨᠡᠨᠬᠦ ᠲᠡᠷᠢᠬᠢ ᠲᠤᠯᠤᠭᠠᠢ ᠪᠠᠨ ᠵᠡᠪᠰᠡᠭᠯᠡᠵᠦ᠂ ᠦᠢᠯᠡᠳ᠋ᠦᠯᠭᠡ ᠪᠡᠨ ᠵᠢᠯᠤᠭᠤᠳ᠋ᠤᠨ᠂ ᠠᠵᠢᠯ ᠶᠢᠡᠨ ᠠᠬᠢᠭᠤᠯᠬᠤ ᠬᠡᠷᠡᠭ᠍ᠳ᠋ᠡᠢ᠃ ᠰᠤᠷᠳ᠋ᠠᠯ ᠢ ᠴᠡᠭ᠍ᠴᠡᠯᠡᠨ ᠰᠠᠬᠢᠯᠭ᠎ᠠ ᠪᠠᠲᠤ ᠶᠢ ᠴᠢᠩᠳ᠋ᠠᠯᠠᠬᠤ ᠶᠢ ᠡᠷᠡᠰ ᠭᠤᠢ᠌ᠪᠢᠰᠢ ᠦᠭᠡᠶ ᠴᠢᠩᠭ᠋ᠠᠳᠬᠠᠨ᠂《ᠲᠥᠪ ᠦᠨ ᠨᠢ᠋ᠮᠠᠨ ᠵᠤᠷᠪᠤᠰ ᠲᠤᠭᠳ᠋ᠠᠭᠠᠯ>> ᠤᠨ ᠵᠣᠷᠢᠭ ᠰᠠᠨᠠᠭ᠎ᠠ ᠶᠢ ᠴᠦ᠋ᠬᠦᠷᠡᠰᠢ ᠦᠭᠡᠶ ᠨᠠᠢ᠌ᠳ᠋ᠠᠪᠤᠷᠢᠵᠢᠭᠤᠯᠵᠦ᠂ ᠪᠠᠢ᠌ᠭᠤᠯᠭ᠎ᠠ ᠶᠢᠨ ᠡᠯ᠎ᠠ ᠵᠦ᠋ᠢᠯ ᠦᠨ ᠲᠥᠷᠢᠮ ᠢ ᠤᠯᠠᠮ ᠨᠢᠭᠡ ᠠᠯᠬᠤᠮ ᠲᠡᠭᠦᠯᠳ᠋ᠡᠷᠵᠢᠭᠦᠯᠦᠨ᠂ ᠺᠠᠳ᠋ᠷ ᠠᠵᠢᠯᠳ᠋ᠡᠳ ᠤᠨ ᠬᠠᠷᠢᠭᠤᠴᠠᠯᠭᠠᠳ᠋ᠤ ᠤᠬᠠᠮᠰᠡᠷ ᠪᠤᠯᠤᠨ ᠦᠪᠡᠷ ᠢ ᠪᠡᠨ ᠱᠠᠭᠠᠷᠳ᠋ᠠᠬᠤ ᠤᠬᠠᠮᠰᠡᠷ ᠢ ᠴᠢᠩᠭ᠋ᠠᠳᠬᠠᠵᠦ᠂ ᠢᠯᠵᠢᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠢ᠌ᠯᠡᠬᠦ ᠦᠵᠡᠯ ᠰᠠᠨᠠᠭᠠᠨ ᠤ ᠰᠡᠷᠭᠡᠢ᠌ᠯᠡᠯᠳ᠋ᠡ ᠶᠢᠨ ᠱᠤᠭᠤᠮ ᠢ ᠲᠠᠰᠤᠷᠠᠯᠳ᠋ᠡ ᠦᠭᠡᠶ ᠪᠡᠬᠢᠵᠢᠭᠦᠯᠬᠦ ᠬᠡᠷᠡᠭ᠍ᠲᠡᠢ ᠭᠡᠵᠦ ᠱᠠᠭᠠᠷᠳ᠋ᠠᠪᠠ᠃

        
        ᠬᠤᠷᠠᠯ ᠡᠴᠡ ᠰᠠᠬᠢᠯᠭ᠎ᠠ ᠪᠠᠲᠤ ᠬᠠᠦᠯᠢ ᠴᠠᠭᠠᠵᠠ ᠶᠢ ᠵᠦ᠋ᠷᠢᠴᠡᠭ᠍ᠰᠡᠨ ᠨᠡᠢ᠌ᠳ᠋ᠡᠯᠢᠭ᠌ ᠬᠡᠷᠡᠭ᠌ ᠦᠨ ᠰᠡᠷᠡᠮᠵᠢᠭᠦᠯᠬᠦ ᠹᠢᠯᠢᠮ ᠢ ᠦᠵᠡᠪᠡ᠃ ᠱᠢ ᠢᠦᠢ ᠭᠦᠸᠸ 《ᠲᠤᠮᠲᠠᠳ᠋ᠤ ᠤᠯᠤᠰ ᠤᠨ ᠡᠪ ᠬᠠᠮᠳ᠋ᠤ ᠨᠠᠮ ᠤᠨ ᠵᠠᠷᠤᠳ ᠬᠣᠰᠢᠭᠤᠨ ᠤ ᠠᠷᠪᠠᠨ ᠭᠤᠷᠪᠠᠳ᠋ᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠢ᠌ᠴᠠᠭᠠᠬᠤ ᠬᠤᠷᠢᠶᠠᠨ ᠤ ᠭᠤᠷᠪᠠᠳ᠋ᠤᠭᠠᠷ ᠪᠦᠭᠦᠳ᠋ᠡ ᠬᠤᠷᠠᠯ ᠤᠨ ᠵᠣᠷᠢᠭ ᠰᠠᠨᠠᠭ᠎ᠠ》 ᠶᠢ ᠤᠯᠠᠮᠵᠢᠯᠡᠨ ᠰᠤᠷᠤᠯᠴᠠᠵᠦ᠂ ᠰᠠᠬᠢᠯᠭ᠎ᠠ ᠪᠠᠲᠤ ᠰᠤᠷᠳ᠋ᠠᠯ ᠤᠨ ᠪᠠᠢ᠌ᠭᠤᠯᠤᠯᠳ᠋ᠠ ᠶᠢ ᠲᠤᠰᠬᠠᠢ ᠴᠡᠭ᠍ᠴᠡᠯᠡᠨ ᠵᠠᠰᠠᠬᠤ ᠪᠠ ᠰᠠᠬᠢᠯᠭ᠎ᠠ ᠪᠠᠲᠤ ᠬᠠᠦᠯᠢ ᠴᠠᠭᠠᠵᠠ ᠶᠢ ᠵᠦ᠋ᠷᠢᠴᠡᠭ᠍ᠰᠡᠨ ᠬᠡᠷᠡᠭ᠌ ᠵᠢᠴᠢ ᠤᠳ᠋ᠤᠬᠠᠨ ᠤ ᠤᠷᠤᠰᠢᠵᠦ ᠪᠠᠢ᠌ᠭ᠎ᠠ ᠠᠰᠠᠭᠤᠳ᠋ᠠᠯ ᠢ ᠨᠠᠷᠢᠨ ᠬᠢᠨᠠᠮᠠᠭᠠᠢ ᠵᠠᠳ᠋ᠠᠯᠤᠭᠰᠠᠨ ᠪᠦᠭᠡᠳ ᠰᠡᠷᠡᠮᠵᠢᠭᠦᠯᠬᠦ ᠬᠦᠮᠦᠵᠢᠯ ᠬᠢᠪᠡ᠃ (ᠯᠸᠢ ᠫᠠᠩ)

ᠡᠮᠦᠨᠡᠬᠢ᠄ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠠᠯᠪᠠᠨ ᠠᠵᠢᠯᠳ᠋ᠡᠨ ᠤ ᠢᠳ᠋ᠡᠭᠡᠮᠵᠢ ᠶᠢᠨ ᠬᠦᠮᠦᠵᠢᠯ ᠦᠨ ᠲᠤᠰᠬᠠᠢ ᠰᠡᠳ᠋ᠦᠪᠳ᠋ᠦ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠢᠨᠠᠯᠳ᠋ᠠ ᠲᠠᠯᠪᠢᠬᠤ ᠠᠵᠢᠯ ᠢ ᠠᠬᠢᠭᠤᠯᠬᠤ ᠬᠤᠷᠠᠯ ᠬᠤᠷᠠᠯᠳ᠋ᠤᠭᠤᠯᠪᠠ