ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠢᠨᠠᠯᠳ᠋ᠠ ᠲᠠᠯᠪᠢᠬᠤ ᠠᠵᠢᠯ ᠢ ᠠᠬᠢᠭᠤᠯᠬᠤ ᠬᠤᠷᠠᠯ ᠬᠤᠷᠠᠯᠳ᠋ᠤᠭᠤᠯᠪᠠ
5 ᠰᠠᠷ᠎ᠠ ᠶᠢᠨ 6 ᠦ ᠡᠳ᠋ᠦᠷ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠢᠨᠠᠯᠳ᠋ᠠ ᠲᠠᠯᠪᠢᠬᠤ ᠠᠵᠢᠯ ᠢ ᠠᠬᠢᠭᠤᠯᠬᠤ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠣᠤ ᠯᠦ᠋ᠩ᠂ ᠵᠠᠩ ᠶᠦ᠋ᠩ ᠴᠢᠶᠠᠩ᠂ ᠵᠠᠩ ᠴᠥᠨ ᠡᠾᠦ᠋ᠢ᠂ ᠶᠡᠩ ᠵᠸᠨ ᠴᠢᠩ ᠬᠤᠷᠠᠯ ᠳᠤ ᠰᠠᠭᠠᠳ᠋ᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠯ᠎ᠠ ᠠᠵᠢᠯ ᠤᠨ ᠵᠦ᠋ᠪᠯᠡᠯ ᠦᠨ ᠬᠠᠷᠢᠭᠤᠴᠠᠯᠭᠠᠳ᠋ᠠᠨ ᠬᠤᠷᠠᠯ ᠳᠤ ᠤᠷᠤᠯᠴᠠᠪᠠ᠃

ᠡᠦ ᠴᠢᠩ ᠬᠠᠢ ᠡᠴᠡ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯᠳ᠋ᠡᠳ ᠲᠤᠬᠠᠢ᠌ᠯᠠᠭᠰᠠᠨ ᠠᠵᠢᠯ ᠤᠨ ᠴᠢᠳ᠋ᠠᠪᠤᠷᠢ ᠶᠢᠨ ᠪᠠᠢ᠌ᠭᠤᠯᠤᠯᠳ᠋ᠠ ᠪᠠᠨ ᠤᠯᠠᠮ ᠨᠢᠭᠡ ᠠᠯᠬᠤᠮ ᠴᠢᠩᠭ᠋ᠠᠳᠬᠠᠨ᠂ ᠭᠠᠷᠠᠭ ᠪᠦᠷᠢ ᠶᠢᠨ ᠭᠠᠷᠠᠭ ᠤᠨ ᠲᠠᠪᠤᠨ ᠳᠤ ᠰᠤᠷᠤᠯᠴᠠᠬᠤ᠂ ᠲᠤᠰᠬᠠᠢ ᠮᠡᠷᠭᠡᠵᠢᠯᠳ᠋ᠡᠨ ᠡᠷᠳ᠋ᠡᠮᠳ᠋ᠡᠨ ᠢ ᠤᠷᠢᠵᠦ ᠪᠤᠯᠪᠠᠰᠤᠷᠠᠭᠤᠯᠬᠤ᠂ ᠰᠦ᠋ᠯᠵᠢᠶᠡᠨ ᠲᠡᠭᠡᠷ᠎ᠠ ᠦᠪᠡᠰᠦᠪᠡᠨ ᠰᠤᠷᠤᠯᠴᠠᠬᠤ ᠵᠡᠷᠭᠡ ᠠᠷᠭ᠎ᠠ ᠮᠠᠶᠢᠭ ᠶᠢᠡᠷ ᠲᠠᠮᠵᠢᠵᠦ᠂ ᠬᠠᠮᠢᠶ᠎ᠠ ᠪᠦᠬᠦᠢ ᠬᠠᠦᠯᠢ ᠴᠠᠭᠠᠵᠠ ᠬᠠᠦᠯᠢ ᠲᠤᠭᠳ᠋ᠠᠭᠠᠯ ᠪᠠ ᠵᠢᠷᠤᠮ ᠢ ᠪᠣᠯᠪᠠᠰᠤᠷᠠᠩᠭ᠋ᠤᠢ ᠡᠵᠡᠮᠰᠢᠨ᠂ ᠲᠤᠰ ᠪᠡᠶ᠎ᠠ ᠶᠢᠨ ᠴᠢᠳ᠋ᠠᠪᠤᠷᠢ ᠪᠠ ᠲᠤᠬᠠᠢ᠌ᠯᠠᠭᠰᠠᠨ ᠠᠵᠢᠯ ᠤᠨ ᠴᠢᠳ᠋ᠠᠪᠤᠷᠢ ᠪᠠᠨ ᠤᠯᠠᠮ ᠨᠢᠭᠡ ᠠᠯᠬᠤᠮ ᠲᠡᠭᠡᠭ᠍ᠰᠢᠯᠡᠭᠦᠯᠵᠦ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠢᠨᠠᠯᠳ᠋ᠠ ᠲᠠᠯᠪᠢᠬᠤ ᠠᠵᠢᠯ ᠳᠤ ᠪᠡᠳ᠋ᠦ ᠪᠡᠬᠢ ᠰᠠᠭᠤᠷᠢ ᠶᠢ ᠲᠠᠯᠪᠢᠵᠦ ᠥᠭ᠍ᠭᠥ ᠬᠡᠷᠡᠭ᠍ᠲᠡᠢ᠃ ᠮᠡᠳ᠋ᠡᠭᠡ ᠵᠠᠩᠭᠢ ᠶᠢᠨ ᠪᠠᠢ᠌ᠴᠠᠭᠠᠨ ᠰᠤᠳ᠋ᠤᠯᠤᠯᠲᠠ ᠶᠢᠨ ᠠᠵᠢᠯ ᠤᠨ ᠡᠷᠴᠢᠮ ᠢᠶᠡᠨ ᠤᠯᠠᠮ ᠨᠢᠭᠡ ᠠᠯᠬᠤᠮ ᠴᠢᠩᠭ᠋ᠠᠳᠬᠠᠵᠦ᠂ ᠦᠪᠡᠷ ᠢ ᠪᠡᠨ ᠤᠬᠠᠭᠤᠯᠬᠤ ᠤᠬᠠᠮᠰᠡᠷ ᠶᠢᠡᠨ ᠲᠡᠭᠡᠭ᠍ᠰᠢᠯᠡᠭᠦᠯᠦᠨ᠂ ᠠᠷᠠᠳ ᠤᠨ ᠲᠦ᠋ᠯᠦᠭᠡᠯᠡᠭ᠍ᠴᠢᠳ ᠦᠨ ᠴᠤᠭ ᠵᠢᠪᠬᠤᠭ᠎ᠠ᠂ ᠲᠤᠷᠰᠢᠯᠭ᠎ᠠ ᠶᠢᠨ ᠰᠤᠯᠢᠯᠴᠠᠭ᠎ᠠ ᠪᠠ ᠨᠡᠢ᠌ᠳ᠋ᠡᠯᠢᠭ᠌ ᠦᠢᠯᠡ ᠶᠠᠪᠤᠳ᠋ᠠᠯ ᠤᠨ ᠲᠤᠭᠤᠷᠢᠨ ᠳᠤ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠢᠯᠡᠰ ᠴᠡᠭ᠌ ᠪᠠ ᠰᠢᠨ᠎ᠠ ᠶᠢ ᠡᠭᠦᠳᠬᠦ ᠴᠢᠨᠠᠷᠳ᠋ᠠᠢ ᠠᠵᠢᠯ ᠢ ᠰᠠᠨᠠᠭᠠᠴᠢᠯᠠᠭ᠎ᠠ ᠡᠴᠡ ᠪᠠᠨ ᠠᠭᠤᠳ᠋ᠠᠯᠬᠤ ᠶᠢᠨ ᠬᠠᠮᠳ᠋ᠤ ᠨᠡᠪᠳ᠋ᠡᠷᠡᠳ᠋ᠡᠯᠠ ᠤᠢ᠌ᠯᠠᠭᠠᠵᠦ᠂ ᠤᠬᠠᠭᠤᠯᠬᠤ ᠠᠷᠭ᠎ᠠ ᠮᠠᠶᠢᠭ ᠪᠠ ᠰᠡᠳᠭᠢᠮᠵᠢ ᠪᠡᠨ ᠲᠠᠰᠤᠷᠠᠯᠳ᠋ᠡ ᠦᠭᠡᠶ ᠲᠤᠬᠢᠷᠠᠭᠤᠯᠤᠨ᠂ ᠨᠠᠮ ᠤᠨ ᠬᠤᠷᠢᠶ᠎ᠠ ᠤᠳ᠋ᠤᠷᠢᠳ᠋ᠤᠬᠰᠡᠨ᠂ ᠬᠤᠣᠰ ᠴᠢᠭᠯᠡᠯ ᠶᠢᠡᠷ ᠬᠠᠷᠢᠯᠴᠠᠭᠰᠠᠨ᠂ ᠲᠠᠪᠠᠭᠤᠯᠢᠭ ᠲᠠᠯ᠎ᠠ ᠪᠠᠨ ᠬᠠᠷᠢᠯᠴᠡᠨ ᠨᠦ᠋ᠬᠦᠪᠦᠷᠢᠯᠡᠭ᠍ᠰᠡᠨ᠂ ᠵᠤᠬᠢᠴᠡᠯᠳ᠋ᠦᠨ ᠬᠠᠮᠵᠢᠯᠴᠠᠭᠰᠠᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠮᠡᠳ᠋ᠡᠭᠡ ᠵᠠᠩᠭᠢ ᠶᠢᠨ ᠲᠤᠬᠠᠢ ᠤᠬᠠᠭᠤᠯᠭ᠎ᠠ ᠪᠠᠢ᠌ᠴᠠᠭᠠᠨ ᠰᠤᠳ᠋ᠤᠯᠤᠯᠳ᠋ᠠ ᠶᠢᠨ ᠠᠵᠢᠯ ᠤᠨ ᠪᠠᠢ᠌ᠷᠢᠰᠢᠯ ᠢ ᠪᠣᠢ ᠪᠣᠯᠭᠠᠬᠤ ᠬᠡᠷᠡᠭ᠍ᠳ᠋ᠡᠢ ᠭᠡᠵᠦ ᠱᠠᠭᠠᠷᠳ᠋ᠠᠪᠠ᠃
ᠬᠤᠷᠠᠯ ᠲᠡᠭᠡᠷ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠥᠨ ᠡᠾᠦ᠋ᠢ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠡᠯ᠎ᠠ ᠵᠦ᠋ᠢᠯ ᠦᠨ ᠲᠥᠷᠢᠮ ᠦᠨ ᠰᠤᠷᠤᠯᠴᠠᠯᠭ᠎ᠠ ᠶᠢ ᠴᠢᠩᠭ᠋ᠠᠳᠬᠠᠨ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠥᠷᠢᠮᠵᠢᠭ᠍ᠰᠡᠨ ᠨᠡᠷ᠎ᠠ ᠲᠤᠮᠢᠶ᠎ᠠ ᠪᠠ ᠲᠥᠷᠢᠮ ᠢ ᠪᠣᠯᠪᠠᠰᠤᠷᠠᠩᠭ᠋ᠤᠢ ᠡᠵᠡᠮᠰᠢᠬᠦ ᠪᠠ ᠴᠢᠩᠭ᠎ᠠ ᠵᠢᠷᠤᠮᠯᠡᠵᠦ᠂ ᠬᠢᠨᠠᠯᠳ᠋ᠠ ᠲᠠᠯᠪᠢᠬᠤ ᠠᠵᠢᠯ ᠤᠨ ᠴᠢᠳ᠋ᠠᠪᠤᠷᠢ ᠪᠠ ᠲᠤᠰᠬᠠᠢ᠌ᠵᠢᠬᠰᠡᠨ ᠬᠢᠷᠢ ᠲᠥᠪᠰᠢᠨ ᠢ ᠲᠡᠭᠡᠭ᠍ᠰᠢᠯᠡᠭᠦᠯᠦᠨ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠢᠨᠠᠯᠳ᠋ᠠ ᠲᠠᠯᠪᠢᠬᠤ ᠭᠤᠤᠯᠳ᠋ᠠᠯᠭ᠎ᠠ ᠶᠢ ᠲᠤᠪᠤᠢ᠌ᠯᠭᠠᠵᠦ᠂ ᠬᠠᠨᠳ᠋ᠤᠯᠭᠠᠳ᠋ᠤ ᠴᠢᠨᠠᠷᠳ᠋ᠠᠢ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠪᠠ ᠪᠠᠢ᠌ᠴᠠᠭᠠᠨ ᠰᠤᠳ᠋ᠤᠯᠤᠯᠳ᠋ᠠ ᠦᠷᠨᠢᠭᠦᠯᠦᠨ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠮᠡᠳ᠋ᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠡᠷᠴᠢᠮ ᠢ ᠤᠯᠠᠮ ᠨᠢᠭᠡ ᠴᠢᠩᠭ᠋ᠠᠳᠬᠠᠬᠤ ᠵᠡᠷᠭᠡ ᠠᠭᠤᠯᠭ᠎ᠠ ᠶᠢᠨ ᠲᠤᠭᠤᠷᠢᠨ ᠳᠤ ᠲᠤᠬᠠᠢ᠌ᠯᠠᠭᠰᠠᠨ ᠠᠵᠢᠯ ᠤᠨ ᠪᠣᠯᠪᠠᠰᠤᠷᠠᠯ ᠬᠢᠪᠡ᠃ (ᠯᠸᠢ ᠫᠠᠩ)