ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠯᠦ᠋ᠪᠸᠢ ᠪᠠᠯᠭᠠᠰᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠢ ᠪᠠᠢ᠌ᠴᠠᠭᠠᠨ ᠰᠤᠳ᠋ᠤᠯᠪᠠ
5 ᠰᠠᠷ᠎ᠠ ᠶᠢᠨ 8 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠯᠦ᠋ᠪᠸᠢ ᠪᠠᠯᠭᠠᠰᠤᠨ ᠳᠤ ᠬᠦᠷᠴᠦ᠂ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠠᠬᠤ ᠶᠢᠨ ᠬᠠᠮᠳ᠋ᠤ 《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠶᠢᠨ ᠪᠦᠳ᠋ᠦᠭᠡᠨ ᠪᠠᠢ᠌ᠭᠤᠯᠤᠯᠳ᠋ᠠ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠨᠡᠢ᠌ᠳ᠋ᠡᠯᠢᠭ᠌ ᠭᠢᠯᠠᠰ ᠴᠡᠭ᠌ ᠦᠨ ᠠᠵᠢᠯ᠂ ᠠᠷᠠᠳ ᠤᠨ ᠲᠦ᠋ᠯᠦᠭᠡᠯᠡᠭ᠍ᠴᠢ ᠶᠢᠨ ᠦᠢᠯᠡᠳ᠋ᠦᠯ ᠢᠶᠡᠨ ᠪᠠᠳ᠋ᠠᠷᠠᠭᠤᠯᠤᠭᠰᠠᠨ ᠪᠠᠢ᠌ᠳ᠋ᠠᠯ ᠪᠤᠯᠤᠨ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠢ ᠬᠡᠷᠡᠭ᠍ᠵᠢᠭᠦᠯᠦᠭ᠍ᠰᠡᠨ ᠪᠠᠢ᠌ᠳ᠋ᠠᠯ ᠳᠤ ᠪᠠᠢ᠌ᠴᠠᠭᠠᠨ ᠰᠤᠳ᠋ᠤᠯᠤᠯᠳ᠋ᠠ ᠬᠢᠪᠡ᠃

ᠡᠦ ᠴᠢᠩ ᠬᠠᠢ ᠯᠦ᠋ᠪᠸᠢ ᠪᠠᠯᠭᠠᠰᠤᠨ ᠤ ᠰᠢᠨ ᠱᠧᠩ ᠲᠤᠰᠬᠤᠨ᠂ ᠰᠢᠶᠤᠤ ᠡᠾᠸᠢ ᠱᠠᠨ ᠲᠤᠰᠬᠤᠨ ᠳᠤ ᠬᠦᠷᠴᠦ᠂ ᠪᠠᠯᠭᠠᠰᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠰᠢᠦᠢ ᠼᠠᠢ ᠪᠠ ᠬᠤᠰᠢᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠰᠸ ᠭᠥᠢ ᠪᠢᠨ ᠲᠡᠶ ᠬᠠᠷᠢᠯᠴᠡᠨ᠂ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠪᠠᠢ᠌ᠳ᠋ᠠᠯ ᠢ ᠨᠠᠷᠢᠨ ᠬᠢᠨᠠᠮᠠᠭᠠᠢ ᠰᠤᠨᠤᠰᠴᠦ᠂ ᠠᠷᠠᠳ ᠤᠨ ᠲᠦ᠋ᠯᠦᠭᠡᠯᠡᠭ᠍ᠴᠢ ᠠᠵᠤ ᠦᠢᠯᠡᠰ ᠦᠨ ᠬᠦᠭ᠍ᠵᠢᠯᠳ᠋ᠡ ᠳ᠋ᠦ ᠬᠦᠴᠦᠨ ᠨᠡᠮᠡᠷᠢᠯᠡᠬᠦ᠂ ᠤᠯᠠᠨ ᠲᠦ᠋ᠮᠡᠨ ᠤ ᠤᠷᠤᠯᠭ᠎ᠠ ᠶᠢ ᠨᠡᠮᠡᠭ᠍ᠳ᠋ᠡᠭᠦᠯᠦᠨ ᠴᠢᠨᠠᠭᠡᠯᠢᠭ᠍ᠵᠢᠭᠦᠯᠬᠦ ᠢ ᠬᠦᠳ᠋ᠦᠯᠦᠨ ᠲᠠᠭᠠᠭᠤᠯᠬᠤ ᠲᠠᠯ᠎ᠠ ᠪᠠᠷ ᠭᠠᠷᠭᠠᠭᠰᠠᠨ ᠦᠢᠯᠡᠳ᠋ᠦᠯ ᠢ ᠨᠠᠷᠢᠯᠢᠭ ᠤᠢ᠌ᠯᠠᠭᠠᠬᠤ ᠶᠢᠨ ᠬᠠᠮᠳ᠋ᠤ᠂ ᠯᠦ᠋ᠪᠸᠢ ᠪᠠᠯᠭᠠᠰᠤᠨ ᠤ 《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠳᠤ ᠬᠤᠰᠢᠭᠤ᠂ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠶᠢ ᠵᠤᠬᠢᠶᠠᠨ ᠪᠠᠢ᠌ᠭᠤᠯᠵᠦ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ᠃
ᠡᠦ ᠴᠢᠩ ᠬᠠᠢ ᠡᠴᠡ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯ ᠶᠢᠡᠨ ᠰᠠᠢ᠌ᠳ᠋ᠤᠷ ᠬᠢᠵᠦ᠂ ᠬᠦᠳ᠋ᠦᠯᠦᠨ ᠲᠠᠭᠠᠭᠤᠯᠵᠦ ᠵᠢᠱᠢᠶ᠎ᠠ ᠦᠵᠡᠭᠦᠯᠬᠦ ᠦᠢᠯᠡᠳ᠋ᠦᠯ ᠢᠶ᠍ᠡᠨ ᠪᠠᠳ᠋ᠠᠷᠠᠭᠤᠯᠤᠨ᠂ ᠬᠦᠳ᠋ᠡᠭᠡ ᠲᠤᠰᠬᠤᠨ ᠤ ᠠᠵᠤ ᠦᠢᠯᠡᠰ ᠦᠨ ᠬᠦᠭ᠍ᠵᠢᠯᠳ᠋ᠡ ᠵᠡᠷᠭᠡ ᠭᠤᠤᠯᠳ᠋ᠠᠯᠭ᠎ᠠ ᠲᠡᠶ ᠠᠵᠢᠯ ᠳᠤ ᠤᠷᠤᠯᠴᠠᠬᠤ ᠬᠡᠷᠡᠭ᠍ᠲᠡᠢ᠃ ᠪᠦᠬᠦ ᠪᠠᠯᠭᠠᠰᠤᠨ ᠤ ᠭᠣᠤᠯ ᠠᠵᠢᠯ ᠤᠨ ᠲᠤᠭᠤᠷᠢᠨ ᠳᠤ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠦ᠂ ᠭᠠᠳ᠋ᠠᠭᠰᠢ ᠭᠠᠷᠴᠦ ᠰᠤᠷᠤᠯᠴᠠᠨ ᠪᠠᠢ᠌ᠴᠠᠭᠠᠬᠤ᠂ ᠪᠣᠯᠪᠠᠰᠤᠷᠠᠯ ᠬᠦᠷᠳ᠋ᠡᠭᠡᠬᠦ ᠵᠡᠷᠭᠡ ᠠᠷᠭ᠎ᠠ ᠬᠡᠯᠪᠡᠷᠢ ᠪᠡᠷ ᠪᠠᠭ᠎ᠠ ᠲᠤᠭᠤᠢ᠌ᠯᠠᠩ ᠤᠨ ᠬᠦᠳ᠋ᠡᠯᠭᠡᠭᠡᠨ ᠢ ᠰᠠᠢ᠌ᠳ᠋ᠤᠷ ᠦᠷᠨᠢᠭᠦᠯᠬᠦ ᠬᠡᠷᠡᠭ᠍ᠲᠡᠢ᠃ ᠠᠷᠠᠳ ᠤᠨ ᠲᠦ᠋ᠯᠦᠭᠡᠯᠡᠭ᠍ᠴᠢᠳ ᠦᠨ ᠲᠤᠷᠠᠳ᠋ᠤᠭᠰᠠᠨ ᠰᠠᠨᠠᠯ ᠰᠠᠨᠠᠭᠤᠯᠭ᠎ᠠ ᠶᠢ ᠲᠡᠭᠡᠳ᠋ᠦ ᠬᠡᠮᠵᠢᠶ᠎ᠠ ᠪᠡᠷ ᠴᠢᠬᠤᠯᠠᠴᠢᠯᠠᠵᠦ᠂ ᠬᠠᠤᠯᠢ ᠴᠠᠭᠠᠵᠠ ᠬᠠᠦᠯᠢ ᠲᠤᠭᠳ᠋ᠠᠭᠠᠯ ᠶᠤᠰᠤᠭᠠᠷ ᠪᠢᠴᠢᠭ᠌ ᠦᠨ ᠬᠡᠯᠪᠡᠷᠢ ᠪᠡᠷ ᠬᠠᠷᠢᠭᠤᠯᠲᠠ ᠦᠭ᠍ᠴᠦ᠂ ᠰᠠᠢ᠌ᠳ᠋ᠤᠷ ᠨᠠᠢ᠌ᠳ᠋ᠠᠪᠤᠷᠢᠵᠢᠭᠤᠯᠬᠤ ᠬᠡᠷᠡᠭ᠍ᠲᠡᠢ᠃ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠬᠢᠯᠡᠰ ᠴᠡᠭ᠌ ᠪᠠ ᠤᠨᠴᠠᠯᠢᠭ ᠢ ᠬᠦᠨᠵᠡᠭᠡᠢ ᠠᠭᠤᠳ᠋ᠠᠯᠵᠦ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠴᠠᠭᠠᠨ ᠰᠤᠳ᠋ᠤᠯᠤᠯᠳ᠋ᠠ ᠬᠢᠬᠦ᠂ ᠠᠷᠠᠳ ᠤᠨ ᠲᠦ᠋ᠯᠦᠭᠡᠯᠡᠭ᠍ᠴᠢᠳ ᠦᠨ ᠴᠤᠭ ᠵᠢᠪᠬᠤᠭ᠎ᠠ᠂ ᠲᠡᠷᠢᠭᠦᠨ ᠦ ᠠᠵᠢᠯ ᠤᠨ ᠲᠤᠷᠰᠢᠯᠭ᠎ᠠ ᠶᠢᠨ ᠲᠤᠭᠤᠷᠢᠨ ᠳᠤ᠂ ᠤᠬᠠᠭᠤᠯᠭ᠎ᠠ ᠶᠢᠨ ᠡᠷᠴᠢᠮ ᠢᠶᠡᠨ ᠴᠢᠩᠭ᠋ᠠᠷᠠᠭᠤᠯᠤᠨ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠰᠠᠢ᠌ᠨ ᠰᠠᠢ᠌ᠬᠠᠨ ᠦᠯᠢᠭᠡᠷ ᠢ ᠲᠠᠮᠵᠢᠭᠤᠯᠬᠤ ᠬᠡᠷᠡᠭ᠍ᠲᠡᠢ᠃《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠶᠢᠨ ᠲᠠᠪᠴᠠᠩ ᠢ ᠭᠦᠢᠴᠡᠳ ᠠᠰᠢᠬᠯᠠᠨ᠂ ᠪᠣᠯᠪᠠᠰᠤᠷᠠᠭᠤᠯᠬᠤ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠰᠠᠨᠠᠯ ᠶᠢᠡᠨ ᠰᠤᠯᠢᠯᠴᠠᠬᠤ᠂ ᠸᠢᠳᠢᠣ᠋ ᠵᠠᠯᠭᠠᠬᠤ ᠵᠡᠷᠭᠡ ᠡᠯ᠎ᠠ ᠲᠥᠷᠥᠯ ᠦᠨ ᠠᠵᠢᠯᠯᠠᠭ᠎ᠠ ᠪᠠᠷ ᠲᠠᠮᠵᠢᠨ᠂ ᠤᠯᠠᠨ ᠲᠦ᠋ᠮᠡᠨ ᠦ ᠰᠠᠨᠠᠯ ᠰᠠᠨᠠᠭᠤᠯᠭ᠎ᠠ ᠶᠢ ᠦᠷᠭᠡᠨ ᠶᠢᠡᠷ ᠰᠤᠨᠤᠰᠴᠦ᠂ ᠤᠯᠠᠨ ᠲᠦ᠋ᠮᠡᠨ ᠦ ᠬᠦᠴᠢᠷ ᠠᠰᠠᠭᠤᠳ᠋ᠠᠯ ᠢ ᠴᠠᠭ ᠲᠤᠬᠠᠢ ᠲᠤᠨᠢ ᠰᠢ᠌ᠳᠪᠦᠷᠢᠯᠡᠨ ᠪᠤᠳ᠋ᠠᠳ᠋ᠤ ᠶᠠᠪᠤᠳ᠋ᠠᠯ ᠬᠢᠵᠦ᠂ 《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠶᠢᠨ ᠠᠰᠢᠬᠯᠠᠯᠳ᠋ᠠ ᠶᠢᠨ ᠨᠣᠷᠮ᠎ᠠ ᠪᠠ ᠪᠤᠳ᠋ᠠᠳ᠋ᠤ ᠦᠢᠯᠡᠳ᠋ᠦᠯ ᠢ ᠦᠨᠡᠨᠬᠦ ᠲᠡᠭᠡᠭ᠍ᠰᠢᠯᠡᠭᠦᠯᠬᠦ ᠬᠡᠷᠡᠭ᠍ᠲᠡᠢ᠃ ᠤᠯᠠᠨ ᠲᠦ᠋ᠮᠡᠨ ᠦ ᠠᠩᠬᠠᠷᠴᠦ ᠪᠠᠢ᠌ᠬᠤ ᠬᠠᠯᠠᠮᠰᠢᠯ ᠠᠰᠠᠭᠤᠳ᠋ᠠᠯ᠂ ᠬᠦᠴᠢᠷ ᠠᠰᠠᠭᠤᠳ᠋ᠠᠯ᠂ ᠠᠩᠬᠠᠷᠤᠯ ᠲᠦ᠋ᠪᠯᠡᠷᠡᠭ᠍ᠰᠡᠨ ᠠᠰᠠᠭᠤᠳ᠋ᠠᠯ ᠤᠨ ᠲᠤᠭᠤᠷᠢᠨ ᠳᠤ ᠬᠢᠨᠠᠯᠳ᠋ᠠ ᠲᠠᠯᠪᠢᠬᠤ ᠪᠠᠨ ᠴᠢᠩᠭ᠋ᠠᠳᠬᠠᠨ᠂ ᠬᠠᠦᠯᠢ ᠶᠤᠰᠤᠭᠠᠷ ᠬᠢᠨᠠᠯᠳ᠋ᠠ ᠲᠠᠯᠪᠢᠬᠤ ᠬᠢᠷᠢ ᠲᠦ᠋ᠪᠰᠢᠨ ᠢᠶᠡᠨ ᠤᠯᠠᠮ ᠨᠢᠭᠡ ᠠᠯᠬᠤᠮ ᠲᠡᠭᠡᠭ᠍ᠰᠢᠯᠡᠭᠦᠯᠵᠦ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠪᠦᠬᠦᠯᠢ ᠴᠤᠭᠴᠠ ᠶᠢᠨ ᠨᠡᠢ᠌ᠯᠡᠮᠡᠯ ᠬᠦᠴᠦᠨ ᠪᠠ ᠠᠵᠢᠯ ᠦᠨ ᠪᠤᠳ᠋ᠠᠳ᠋ᠤ ᠦᠷ᠎ᠠ ᠪᠦᠳ᠋ᠦᠮᠵᠢ ᠶᠢ ᠦᠨᠡᠨᠬᠦ ᠴᠢᠩᠭ᠋ᠠᠳᠬᠠᠬᠤ ᠬᠡᠷᠡᠭ᠍ᠳ᠋ᠡᠢ ᠭᠡᠵᠦ ᠱᠠᠭᠠᠷᠳ᠋ᠠᠪᠠ᠃ (ᠯᠸᠢ ᠫᠠᠩ)