ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠰᠢᠶᠠᠩᠱᠠᠨ ᠲᠠᠷᠢᠶᠠᠯᠠᠩ ᠤᠨ ᠲᠠᠯᠠᠪᠠᠢ ᠳᠤ ᠬᠦᠷᠴᠦ ᠪᠠᠢ᠌ᠴᠠᠭᠠᠨ ᠰᠤᠳ᠋ᠤᠯᠪᠠ

5 ᠰᠠᠷ᠎ᠠ ᠶᠢᠨ 9 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠰᠢᠶᠠᠩᠱᠠᠨ ᠲᠠᠷᠢᠶᠠᠯᠠᠩ ᠤᠨ ᠲᠠᠯᠠᠪᠠᠢ ᠶᠢᠨ ᠨᠢᠭᠡᠳ᠋ᠦᠭᠡᠷ᠂ ᠬᠤᠶᠠᠳ᠋ᠤᠭᠠᠷ᠂ ᠭᠤᠷᠪᠠᠳ᠋ᠤᠭᠠᠷ ᠬᠤᠪᠢᠶᠠᠷᠢ ᠲᠠᠯᠠᠪᠠᠢ ᠳᠤ ᠬᠦᠷᠴᠦ᠂ ᠲᠠᠷᠢᠶᠠᠯᠠᠩ ᠤᠨ ᠠᠵᠤ ᠦᠢᠯᠡᠰ ᠦᠨ ᠬᠦᠭ᠍ᠵᠢᠯᠳ᠋ᠡ ᠪᠤᠯᠤᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠢ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠰᠤᠳ᠋ᠤᠯᠪᠠ᠃
ᠪᠠᠢ᠌ᠴᠠᠭᠠᠨ ᠰᠤᠳ᠋ᠤᠯᠬᠤ ᠲᠤᠮᠲᠠ᠂ ᠡᠦ ᠴᠢᠩ ᠬᠠᠢ ᠠᠵᠢᠯᠳ᠋ᠡᠨ ᠤ ᠬᠠᠮᠢᠶ᠎ᠠ ᠪᠦᠬᠦᠢ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠤᠭᠰᠠᠨ ᠪᠦᠭᠡᠳ ᠰᠢᠶᠠᠩᠱᠠᠨ ᠲᠠᠷᠢᠶᠠᠯᠠᠩ ᠤᠨ ᠲᠠᠯᠠᠪᠠᠢ ᠶᠢ ᠠᠰᠢᠭᠲᠠᠢ ᠡᠬᠢ ᠪᠠᠶᠠᠯᠢᠭ ᠲᠤ ᠪᠠᠨ ᠲᠦ᠋ᠰᠢᠭᠯᠡᠨ᠂ ᠤᠨᠤᠪᠴᠢᠳ᠋ᠠᠢ ᠠᠷᠭ᠎ᠠ ᠠᠪᠴᠠᠯ ᠲᠤᠬᠳ᠋ᠠᠭᠠᠵᠦ᠂ ᠤᠯᠠᠨ ᠲᠦ᠋ᠮᠡᠨ ᠦ ᠢᠳ᠋ᠡᠪᠬᠢᠵᠢᠯ ᠢ ᠲᠠᠢ᠌ᠴᠢᠯᠡᠨ᠂ ᠤᠨᠴᠠᠯᠢᠬᠳ᠋ᠦ ᠲᠠᠷᠢᠶᠠᠯᠠᠩ ᠤᠨ ᠠᠵᠤ ᠦᠢᠯᠡᠰ ᠪᠤᠯᠤᠨ ᠲᠠᠷᠢᠮᠡᠯ ᠤᠨ ᠰᠠᠭᠤᠷᠢᠨ ᠭᠠᠵᠠᠷ ᠤᠨ ᠪᠦᠳ᠋ᠦᠭᠡᠨ ᠪᠠᠢ᠌ᠭᠤᠯᠤᠯᠳ᠋ᠠ ᠶᠢ ᠰᠠᠢ᠌ᠳ᠋ᠤᠷ ᠬᠦᠭ᠍ᠵᠢᠭᠦᠯᠵᠦ᠂ ᠪᠤᠳ᠋ᠠᠳ᠋ᠦ ᠦᠷ᠎ᠠ ᠪᠦᠳ᠋ᠦᠮᠵᠢ ᠪᠡᠷ ᠤᠯᠠᠨ ᠲᠦ᠋ᠮᠡᠨ ᠦ ᠤᠷᠤᠯᠭ᠎ᠠ ᠶᠢ ᠨᠡᠮᠡᠭ᠍ᠳ᠋ᠡᠭᠦᠯᠦᠨ ᠪᠠᠶᠠᠯᠢᠬᠵᠢᠭᠤᠯᠵᠦ᠂ ᠠᠷᠠᠳ ᠤᠨ ᠲᠦ᠋ᠯᠦᠭᠡᠯᠡᠭ᠍ᠴᠢ ᠶᠢᠨ ᠬᠦᠳ᠋ᠦᠯᠦᠨ ᠲᠠᠭᠠᠭᠤᠯᠬᠤ ᠦᠢᠯᠡᠳ᠋ᠦᠯ ᠢ ᠪᠠᠳ᠋ᠠᠷᠠᠭᠤᠯᠤᠨ᠂ ᠤᠯᠠᠨ ᠲᠦ᠋ᠮᠡᠨ ᠲᠡᠶ ᠨᠢᠬᠲᠡ ᠬᠠᠷᠢᠯᠴᠡᠵᠦ᠂ ᠲᠠᠷᠢᠶᠠᠯᠠᠩ ᠤᠨ ᠲᠠᠯᠠᠪᠠᠢ ᠶᠢᠨ ᠦᠷᠭᠡᠨ ᠤᠯᠠᠨ ᠠᠵᠢᠯᠳ᠋ᠡᠨ ᠤ ᠰᠠᠨᠠᠭᠤᠯᠭ᠎ᠠ ᠪᠠ ᠬᠦᠰᠡᠯ ᠱᠠᠭᠠᠷᠳ᠋ᠠᠯᠭ᠎ᠠ ᠶᠢ ᠢᠳ᠋ᠡᠪᠬᠢᠳ᠋ᠠᠢ ᠰᠤᠨᠤᠰᠤᠨ᠂ ᠲᠠᠷᠢᠶᠠᠯᠠᠩ ᠤᠨ ᠲᠠᠯᠠᠪᠠᠢ ᠶᠢᠨ ᠬᠠᠮᠳ᠋ᠤ ᠶᠢᠨ ᠠᠵᠤ ᠠᠬᠤᠢ ᠶᠢᠨ ᠤᠷᠤᠯᠭ᠎ᠠ ᠶᠢ ᠤᠯᠠᠮ ᠨᠢᠭᠡ ᠠᠯᠬᠤᠮ ᠪᠤᠵᠠᠭᠠᠢ᠌ᠷᠠᠭᠤᠯᠵᠦ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠪᠠᠢ᠌ᠯᠳ᠋ᠤᠬᠤ ᠪᠣᠳ᠋ᠤᠯᠭ᠎ᠠ ᠶᠢ ᠪᠤᠳ᠋ᠠᠳ᠋ᠠᠢ ᠳᠤ ᠨᠠᠢ᠌ᠳ᠋ᠠᠪᠤᠷᠢᠵᠢᠭᠤᠯᠬᠤ ᠶᠢ ᠠᠬᠢᠭᠤᠯᠬᠤ ᠬᠡᠷᠡᠭ᠍ᠲᠡᠢ ᠭᠡᠵᠦ ᠵᠠᠬᠢᠪᠠ᠃ (ᠯᠸᠢ ᠫᠠᠩ)