ᠦᠯᠵᠡᠢ᠌ᠮᠦ᠋ᠷᠡᠨ ᠰᠤᠮᠤᠨ ᠤ ᠠᠷᠠᠳ ᠤᠨ ᠲᠦ᠋ᠯᠦᠭᠡᠯᠡᠭ᠍ᠴᠢᠳ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠢ ᠬᠢᠨᠠᠨ ᠪᠠᠢ᠌ᠴᠠᠭᠠᠪᠠ

ᠤᠢ᠌ᠷ᠎ᠠ ᠶᠢᠨ ᠡᠳ᠋ᠦᠷ᠂ ᠦᠯᠵᠡᠢ᠌ᠮᠦ᠋ᠷᠡᠨ ᠰᠤᠮᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠬᠡᠰᠡᠭ᠌ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠦ ᠪᠦᠬᠦ ᠰᠤᠮᠤ ᠶᠢᠨ ᠬᠠᠪᠤᠷ ᠤᠨ ᠤᠯᠠᠷᠢᠯ ᠤᠨ ᠮᠠᠯ ᠠᠵᠤ ᠠᠬᠤᠢ ᠶᠢᠨ ᠬᠢᠵᠢᠭ᠌ ᠢ ᠰᠡᠷᠭᠡᠢ᠌ᠯᠡᠬᠦ᠂ ᠠᠳ᠋ᠠᠷ ᠬᠠᠭᠠᠯᠪᠤᠷᠢᠯᠡᠨ ᠮᠠᠯᠵᠢᠬᠤ ᠶᠢ ᠴᠠᠭᠠᠵᠠᠯᠠᠬᠤ ᠵᠡᠷᠭᠡ ᠭᠤᠤᠯᠳ᠋ᠠᠯᠭ᠎ᠠ ᠲᠡᠶ ᠠᠵᠢᠯ ᠤᠨ ᠲᠤᠭᠤᠷᠢᠨ ᠳᠤ᠂ ᠡᠯ᠎ᠠ ᠭᠠᠴᠠᠭ᠎ᠠ ᠲᠤᠰᠬᠤᠨ ᠳᠤ ᠬᠦᠨᠵᠡᠭᠡᠢ᠌ᠷᠡᠨ ᠬᠢᠨᠠᠨ ᠪᠠᠢ᠌ᠴᠠᠭᠠᠪᠠ᠃ (ᠯᠸᠢ ᠫᠠᠩ)