ᠤᠳᠤ ᠶᠢᠨ ᠪᠠᠢ᠌ᠷᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠨᠣᠳ᠋ᠤᠭ ᠪᠡᠯᠴᠢᠭᠡᠷ ᠦᠨ ᠬᠠᠦᠯᠢ》 ᠶᠢᠨ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠦᠷᠨᠢᠭᠦᠯᠪᠡ

       
       5 ᠰᠠᠷ᠎ᠠ ᠶᠢᠨ 10 ᠦ ᠡᠳ᠋ᠦᠷ ᠡᠴᠡ 11 ᠤ ᠡᠳ᠋ᠦᠷ ᠪᠣᠯᠳ᠋ᠠᠯ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠶᠢᠨ ᠲᠤᠭᠤᠢ᠌ᠯᠠᠩ ᠢ ᠲᠠᠭᠠᠭᠤᠯᠤᠨ ᠪᠦᠬᠦ ᠬᠤᠰᠢᠭᠤᠨ ᠤ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠨᠣᠲᠤᠭ ᠪᠡᠯᠴᠢᠭᠡᠷ ᠦᠨ ᠬᠠᠦᠯᠢ》 ᠶᠢ ᠲᠤᠭᠤᠰᠢᠯᠠᠭᠤᠯᠤᠨ ᠬᠡᠷᠡᠭ᠍ᠵᠢᠭᠦᠯᠦᠭ᠍ᠰᠡᠨ ᠪᠠᠢ᠌ᠳ᠋ᠠᠯ ᠳᠤ ᠪᠠᠢ᠌ᠴᠠᠭᠠᠯᠳ᠋ᠠ ᠬᠢᠪᠡ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠦᠳ᠋ᠡᠭᠡ ᠲᠤᠰᠬᠤᠨ ᠮᠠᠯᠵᠢᠬᠤ ᠤᠷᠤᠨ ᠤ ᠠᠵᠢᠯ ᠤᠨ ᠵᠦ᠋ᠪᠯᠡᠯ᠂ ᠬᠤᠰᠢᠭᠤᠨ ᠤ ᠵᠠᠰᠠᠭ ᠤᠨ ᠤᠷᠳ᠋ᠤᠨ ᠤ ᠠᠯᠪᠠᠨ ᠭᠡᠷ᠂ ᠬᠤᠰᠢᠭᠤᠨ ᠤ ᠤᠢ ᠰᠢᠭᠤᠢ ᠪᠠ ᠨᠣᠳ᠋ᠤᠭ ᠪᠡᠯᠴᠢᠭᠡᠷ ᠦᠨ ᠲᠤᠪᠴᠢᠶᠡᠨ ᠤ ᠬᠠᠮᠢᠶ᠎ᠠ ᠪᠦᠬᠦᠢ ᠬᠠᠷᠢᠭᠤᠴᠠᠯᠭᠠᠳ᠋ᠠᠨ᠂ ᠬᠤᠰᠢᠭᠤᠨ ᠱᠠᠳ᠋ᠤᠨ ᠤ ᠬᠡᠰᠡᠭ᠌ ᠠᠷᠠᠳ ᠤᠨ ᠲᠦ᠋ᠯᠦᠭᠡᠯᠡᠭ᠍ᠴᠢ ᠪᠠᠢ᠌ᠴᠠᠭᠠᠯᠳ᠋ᠠ ᠳᠤ ᠤᠷᠤᠯᠴᠠᠪᠠ᠃

        

      ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠤᠨ ᠬᠢᠨ ᠤᠷᠢᠳ ᠬᠣᠵᠢᠳ ᠴᠢᠪᠠᠭᠠᠳ᠋ᠦ ᠰᠤᠮᠤ ᠶᠢᠨ ᠲᠠᠴᠢᠷᠳ᠋ᠠᠬᠰᠠᠨ ᠨᠤᠲᠤᠭ ᠪᠡᠯᠴᠢᠭᠡᠷ ᠢ ᠪᠢᠳ᠋ᠡᠭᠦᠮᠵᠢᠯᠡᠨ ᠵᠠᠰᠠᠬᠤ ᠲᠥᠷᠥᠯ ᠵᠦ᠋ᠢᠯ ᠦᠨ ᠲᠤᠭᠤᠷᠢᠭ᠂ ᠴᠢᠪᠠᠭᠠᠳ᠋ᠦ ᠭᠠᠴᠠᠭ᠎ᠠ ᠶᠢᠨ ᠸᠠᠩ ᠰᠢ ᠯᠢᠶᠠᠩ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠤᠯᠤᠲᠤ ᠰᠤᠮᠤ ᠶᠢᠨ ᠴᠠᠭᠠᠨ ᠲᠤᠯᠤᠭᠠᠢ ᠭᠠᠴᠠᠭᠠᠨ ᠤ ᠣᠢ ᠰᠢᠭᠤᠢ ᠬᠠᠮᠠᠭᠠᠯᠠᠬᠤ ᠥᠷᠳ᠋ᠡᠭᠡ᠂ ᠬᠤᠢ᠌ᠳ᠋ᠤ ᠪᠤᠯᠠᠬᠳ᠋ᠤ ᠭᠠᠴᠠᠭᠠᠨ ᠤ ᠡᠪᠡᠰᠦ ᠲᠠᠷᠢᠵᠦ ᠦᠷᠡᠵᠢᠭᠦᠯᠬᠦ ᠰᠠᠭᠤᠷᠢᠨ ᠭᠠᠵᠠᠷ᠂ ᠭᠡᠷᠴᠢᠯᠠᠭᠤ ᠰᠤᠮᠤ ᠶᠢᠨ ᠮᠠᠩᠬᠠᠳ᠋ᠤ ᠭᠠᠴᠠᠭᠠᠨ ᠤ ᠰᠢᠨ ᠯᠢ ᠠᠮᠢ ᠠᠬᠤᠢ ᠶᠢᠨ ᠲᠠᠷᠢᠶᠠᠯᠠᠩ ᠤᠨ ᠲᠠᠯᠠᠪᠠᠢ᠂ ᠵᠢᠷᠦᠬᠡ ᠪᠠᠯᠭᠠᠰᠤᠨ ᠤ ᠶᠡᠷᠦᠩᠬᠡᠢ᠌ᠯᠡᠭ᠍ᠰᠡᠨ ᠵᠠᠰᠠᠭ ᠵᠠᠬᠢᠷᠭᠠᠨ ᠤ ᠬᠠᠦᠯᠢ ᠬᠡᠷᠡᠭ᠍ᠵᠢᠭᠦᠯᠬᠦ ᠲᠤᠪᠴᠢᠶ᠎ᠠ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠲᠠᠨᠢᠯᠴᠠᠭᠤᠯᠭ᠎ᠠ ᠶᠢ ᠰᠤᠨᠤᠰᠬᠤ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠪᠢᠴᠢᠭ᠌ ᠮᠠᠲ᠋ᠸᠷᠢᠶᠠᠯ ᠢ ᠪᠠᠢ᠌ᠴᠠᠭᠠᠬᠤ ᠵᠡᠷᠭᠡ ᠬᠡᠯᠪᠡᠷᠢ ᠪᠡᠷ ᠲᠠᠮᠵᠢᠨ᠂《ᠪᠦᠭᠦᠳ᠋ᠡ ᠨᠠᠢ᠌ᠷᠠᠮᠳ᠋ᠠᠬᠤ ᠲᠤᠮᠳ᠋ᠠᠲᠤ ᠠᠷᠠᠳ ᠤᠯᠤᠰ ᠤᠨ ᠨᠤᠲᠤᠭ ᠪᠡᠯᠴᠢᠭᠡᠷ ᠦᠨ ᠬᠠᠦᠯᠢ》 ᠶᠢ ᠲᠤᠭᠤᠰᠢᠯᠠᠭᠤᠯᠤᠨ ᠬᠡᠷᠡᠭ᠍ᠵᠢᠭᠦᠯᠦᠭ᠍ᠰᠡᠨ ᠪᠠᠢ᠌ᠳ᠋ᠠᠯ᠂ ᠦᠨᠳ᠋ᠦᠰᠦᠨ ᠨᠤᠲᠤᠭ ᠪᠡᠯᠴᠢᠭᠡᠷ ᠦᠨ ᠠᠮᠢ ᠠᠬᠤᠢ ᠶᠢᠨ ᠬᠠᠮᠠᠭᠠᠯᠠᠯᠳ᠋ᠠ᠂ ᠮᠠᠯ ᠪᠡᠯᠴᠢᠭᠡᠷ ᠦᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠢᠮ ᠪᠠ ᠨᠤᠲᠤᠭ ᠪᠡᠯᠴᠢᠭᠡᠷ ᠢ ᠬᠠᠭᠠᠯᠪᠤᠷᠢᠯᠠᠬᠤ ᠶᠢ ᠴᠢᠩᠭ᠎ᠠ ᠴᠠᠭᠠᠵᠠᠯᠠᠬᠤ ᠶᠢ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ᠂ ᠶᠡᠷᠦᠩᠬᠡᠢ᠌ᠯᠡᠭ᠍ᠰᠡᠨ ᠬᠠᠦᠯᠢ ᠬᠡᠷᠡᠭ᠍ᠵᠢᠭᠦᠯᠬᠦ ᠡᠩᠨᠡᠭᠡᠨ ᠦ ᠠᠵᠢᠯ ᠦᠷᠨᠢᠭᠦᠯᠦᠭ᠍ᠰᠡᠨ ᠪᠠᠢ᠌ᠳ᠋ᠠᠯ ᠵᠡᠷᠭᠡ ᠲᠠᠯ᠎ᠠ ᠪᠠᠷ ᠨᠠᠷᠢᠨ ᠤᠢ᠌ᠯᠠᠭᠠᠪᠠ᠃

         
        ᠲᠠᠷᠠᠭ᠎ᠠ ᠨᠢ᠂ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ᠂ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠪᠦᠬᠦ ᠬᠤᠰᠢᠭᠤᠨ ᠤ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠨᠤᠲᠤᠭ ᠪᠡᠯᠴᠢᠭᠡᠷ ᠦᠨ ᠬᠠᠦᠯᠢ》 ᠶᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠪᠠ᠃ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠠᠵᠢᠯ ᠤᠨ ᠲᠤᠮᠲᠠ ᠲᠤᠯᠭᠠᠷᠠᠭᠰᠠᠨ ᠬᠦᠴᠢᠷᠳ᠋ᠡᠯ ᠪᠤᠯᠤᠨ ᠤᠯᠵᠦ ᠮᠡᠳ᠋ᠡᠭ᠍ᠰᠡᠨ ᠠᠰᠠᠭᠤᠳ᠋ᠠᠯ ᠤᠨ ᠲᠤᠭᠤᠷᠢᠨ ᠳᠤ ᠵᠢᠯᠤᠭᠤᠳ᠋ᠤᠯᠭ᠎ᠠ ᠶᠢᠨ ᠴᠢᠨᠠᠷᠳ᠋ᠠᠢ ᠰᠠᠨᠠᠭᠤᠯᠭ᠎ᠠ ᠲᠤᠷᠠᠳᠬᠤ ᠶᠢᠨ ᠬᠠᠮᠳ᠋ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠢ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠦᠨ ᠭᠠᠯ ᠰᠡᠷᠭᠡᠢ᠌ᠯᠡᠨ ᠤᠨᠲᠠᠷᠠᠭᠠᠬᠤ ᠠᠵᠢᠯ ᠢ ᠲᠡᠭᠡᠳ᠋ᠦ ᠬᠡᠮᠵᠢᠶ᠎ᠠ ᠪᠡᠷ ᠴᠢᠬᠤᠯᠠᠴᠢᠯᠠᠵᠦ᠂ ᠭᠠᠯ ᠤᠨ ᠠᠶᠤᠯ ᠤᠨ ᠪᠠᠴᠢᠮ ᠪᠠᠢ᠌ᠳ᠋ᠠᠯ ᠢ ᠠᠷᠭᠠᠴᠠᠬᠤ ᠪᠡᠯᠡᠳᠭᠡᠯ ᠲᠥᠰᠥᠯ ᠢ ᠤᠷᠢᠳᠴᠢᠯᠡᠨ ᠰᠠᠢ᠌ᠳ᠋ᠤᠷ ᠬᠢᠵᠦ᠂ ᠭᠠᠯ ᠤᠨ ᠠᠶᠤᠯ ᠤᠨ ᠲᠦ᠋ᠭ᠍ᠰᠢᠭᠦᠷᠢ ᠶᠢᠨ ᠪᠠᠢ᠌ᠳ᠋ᠠᠯ ᠭᠠᠷᠴᠦ ᠮᠡᠳ᠋ᠡᠬᠦ ᠡᠴᠡ ᠵᠠᠢ᠌ᠯᠠᠰᠭᠢᠬᠦ ᠬᠡᠷᠡᠭ᠍ᠲᠡᠢ ᠭᠡᠵᠦ ᠵᠠᠬᠢᠪᠠ᠃ (ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠰᠦ᠋ᠯᠵᠢᠶᠡᠨ ᠲᠡᠭᠡᠷ᠎ᠠ ᠪᠠ ᠰᠦ᠋ᠯᠵᠢᠶᠡᠨ ᠭᠠᠳ᠋ᠠᠨ᠎ᠠ ᠰᠤᠷᠤᠯᠴᠡᠵᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠪᠡᠨ ᠴᠢᠩᠭ᠋ᠠᠳᠬᠠᠵᠦ ᠪᠠᠢ᠌ᠨ᠎ᠠ
ᠳᠠᠷᠠᠭᠠᠬᠢ᠄ ᠪᠠᠢ᠌ᠬᠤ ᠦᠭᠡᠢ᠃