ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠵᠢᠯ ᠲᠥᠷᠥᠯ ᠦᠨ ᠰᠢᠰᠲ᠋ᠸᠮ ᠶᠢᠡᠷ ᠢᠶᠡᠨ ᠬᠠᠷᠢᠯᠴᠠᠬᠤ ᠰᠠᠯᠠᠭ᠎ᠠ ᠮᠦ᠋ᠴᠢᠷ ᠦᠨ ᠠᠵᠢᠯ ᠤᠨ ᠬᠠᠮᠳ᠋ᠤᠷᠡᠬᠰᠡᠨ ᠬᠤᠷᠠᠯ ᠬᠤᠷᠠᠯᠳ᠋ᠤᠭᠤᠯᠪᠠ

5 ᠰᠠᠷ᠎ᠠ ᠶᠢᠨ 12 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠳ᠋ ᠦᠨ ᠵᠠᠰᠠᠭ ᠠᠵᠤ ᠠᠬᠤᠢ ᠶᠢᠨ ᠠᠵᠢᠯ ᠤᠨ ᠵᠦ᠋ᠪᠯᠡᠯ᠂ ᠬᠦᠳ᠋ᠡᠭᠡ ᠲᠤᠰᠬᠤᠨ ᠮᠠᠯᠵᠢᠬᠤ ᠤᠷᠤᠨ ᠤ ᠠᠵᠢᠯ ᠤᠨ ᠵᠦ᠋ᠪᠯᠡᠯ ᠢ ᠵᠤᠬᠢᠶᠠᠨ ᠪᠠᠢ᠌ᠭᠤᠯᠵᠦ ᠠᠵᠢᠯ ᠲᠥᠷᠥᠯ ᠦᠨ ᠰᠢᠰᠲ᠋ᠸᠮ ᠶᠢᠡᠷ ᠢᠶᠡᠨ ᠬᠠᠷᠢᠯᠴᠠᠬᠤ ᠰᠠᠯᠠᠭ᠎ᠠ ᠮᠦ᠋ᠴᠢᠷ ᠦᠨ ᠠᠵᠢᠯ ᠤᠨ ᠬᠠᠮᠳ᠋ᠤᠷᠡᠬᠰᠡᠨ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠬᠤᠷᠠᠯ ᠳᠤ ᠰᠠᠭᠠᠲᠠᠭᠰᠠᠨ ᠪᠦᠭᠡᠳ ᠬᠤᠷᠠᠯ ᠢ ᠡᠷᠬᠢᠯᠡᠵᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠮᠢᠶ᠎ᠠ ᠪᠦᠬᠦᠢ ᠠᠵᠢᠯ ᠤᠨ ᠵᠦ᠋ᠪᠯᠡᠯ ᠦᠨ ᠬᠠᠷᠢᠭᠤᠴᠠᠯᠭᠠᠳ᠋ᠠᠨ ᠵᠢᠴᠢ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠡᠳ᠋ ᠦᠨ ᠵᠠᠰᠠᠭ ᠠᠵᠤ ᠠᠬᠤᠢ ᠶᠢᠨ ᠵᠦ᠋ᠪᠯᠡᠯ ᠦᠨ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠦ᠋ᠴᠢᠷ ᠦᠨ ᠬᠠᠷᠢᠭᠤᠴᠠᠯᠭᠠᠳ᠋ᠠᠨ ᠬᠤᠷᠠᠯ ᠳᠤ ᠤᠷᠤᠯᠴᠠᠪᠠ᠃
ᠬᠤᠷᠠᠯ ᠡᠴᠡ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠳ᠋ ᠦᠨ ᠵᠠᠰᠠᠭ ᠠᠵᠤ ᠠᠬᠤᠢ ᠶᠢᠨ ᠵᠦ᠋ᠪᠯᠡᠯ ᠪᠤᠯᠤᠨ ᠬᠦᠳ᠋ᠡᠭᠡ ᠲᠤᠰᠬᠤᠨ ᠮᠠᠯᠵᠢᠬᠤ ᠤᠷᠤᠨ ᠤ ᠠᠵᠢᠯ ᠤᠨ ᠵᠦ᠋ᠪᠯᠡᠯ ᠦᠨ 2023 ᠣᠨ ᠤ ᠨᠢᠭᠡᠳ᠋ᠦᠭᠡᠷ ᠤᠯᠠᠷᠢᠯ ᠤᠨ ᠠᠵᠢᠯ ᠢ ᠪᠡᠶᠡᠯᠡᠭᠦᠯᠦᠭ᠍ᠰᠡᠨ ᠪᠠᠢ᠌ᠳ᠋ᠠᠯ ᠢ ᠳ᠋ᠦ᠋ᠩᠨᠡᠭ᠍ᠰᠡᠨ ᠪᠦᠭᠡᠳ ᠲᠠᠷᠠᠭᠠᠴᠢ ᠶᠢᠨ ᠠᠵᠢᠯ ᠤᠨ ᠭᠤᠤᠯᠳ᠋ᠠᠯᠭ᠎ᠠ ᠶᠢ ᠨᠡᠢ᠌ᠳ᠋ᠡᠯᠡᠪᠡ᠃ ᠬᠤᠷᠠᠯ ᠲᠡᠭᠡᠷ᠎ᠠ᠂ ᠬᠤᠰᠢᠭᠤᠨ ᠤ ᠡᠳ᠋ ᠦᠨ ᠵᠠᠰᠠᠭ ᠤᠨ ᠲᠤᠪᠴᠢᠶ᠎ᠠ᠂ ᠬᠢᠨᠠᠨ ᠪᠤᠳ᠋ᠤᠬᠤ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠤᠢ ᠰᠢᠭᠤᠢ ᠨᠤᠲᠤᠭ ᠪᠡᠯᠴᠢᠭᠡᠷ ᠦᠨ ᠲᠤᠪᠴᠢᠶ᠎ᠠ᠂ ᠤᠰᠤᠨ ᠤ ᠶᠠᠪᠤᠳ᠋ᠠᠯ ᠤᠨ ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠢᠨᠠᠯᠳ᠋ᠠ ᠶᠢ ᠤᠬᠠᠮᠰᠡᠷ ᠡᠴᠡ ᠪᠡᠨ ᠬᠦᠯᠢᠶᠡᠨ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠬᠠᠷᠢᠯᠴᠠᠭ᠎ᠠ ᠪᠠᠨ ᠴᠢᠩᠭ᠋ᠠᠳᠬᠠᠵᠦ᠂ ᠬᠠᠮᠳ᠋ᠤᠷᠡᠯ ᠤᠨ ᠬᠦᠴᠦᠨ ᠢ ᠪᠦᠷᠢᠯᠳ᠋ᠦᠭᠦᠯᠦᠨ 2023 ᠣᠨ ᠤ ᠡᠯ᠎ᠠ ᠲᠥᠷᠥᠯ ᠦᠨ ᠠᠵᠢᠯ ᠢ ᠰᠠᠢ᠌ᠳ᠋ᠤᠷ ᠬᠢᠬᠦ ᠲᠤᠬᠠᠢ ᠶᠠᠷᠢᠶ᠎ᠠ ᠬᠢᠪᠡ᠃
ᠬᠤᠷᠠᠯ ᠡᠴᠡ᠂ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠢ ᠱᠦ᠋ᠵᠢ ᠰᠢ ᠵᠢᠨ ᠫᠢᠩ ᠦᠨ ᠦᠪᠦᠷ ᠮᠤᠩᠭ᠋ᠤᠯ ᠳᠤ ᠲᠤᠰᠢᠶᠠᠭᠰᠠᠨ《ᠲᠠᠪᠤᠨ ᠶᠡᠬᠡ ᠡᠭᠦᠷᠭᠡ》ᠳ᠋ᠦ ᠠᠩᠬᠠᠷᠤᠯ ᠶᠢᠡᠨ ᠲᠦ᠋ᠪᠯᠡᠷᠡᠭᠦᠯᠵᠦ᠂ ᠲᠥᠪ ᠬᠤᠷᠢᠶ᠎ᠠ᠂ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠢ᠌ᠳ᠋ᠠᠪᠤᠷᠢᠵᠢᠭᠤᠯᠬᠤ ᠬᠡᠷᠡᠭ᠍ᠲᠡᠢ᠃ ᠦᠨᠳ᠋ᠦᠰᠦᠨ ᠬᠠᠦᠯᠢ ᠪᠠ ᠬᠠᠦᠯᠢ ᠴᠠᠭᠠᠵᠠ ᠡᠴᠡ ᠤᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠨ᠂ ᠠᠵᠢᠯ ᠤᠨ ᠬᠠᠷᠢᠯᠴᠠᠭ᠎ᠠ ᠪᠠᠨ ᠴᠢᠩᠭ᠋ᠠᠳᠬᠠᠵᠦ᠂ ᠡᠯ᠎ᠠ ᠰᠠᠯᠠᠭ᠎ᠠ ᠮᠦ᠋ᠴᠢᠷ ᠦᠨ ᠠᠵᠢᠯ ᠶᠢᠡᠨ ᠤᠷᠤᠭᠰᠢᠳ᠋ᠠᠢ ᠦᠷᠨᠢᠭᠦᠯᠬᠦ ᠶᠢ ᠠᠬᠢᠭᠤᠯᠵᠦ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠢᠨᠠᠯᠳ᠋ᠠ ᠲᠠᠯᠪᠢᠬᠤ ᠠᠵᠢᠯ ᠢ ᠡᠮᠬᠢ ᠵᠢᠷᠤᠮ ᠲᠡᠶ ᠠᠬᠢᠭᠤᠯᠬᠤ ᠶᠢ ᠪᠠᠲᠤᠯᠠᠨ᠂ ᠪᠦᠬᠦ ᠬᠣᠰᠢᠭᠤᠨ ᠤ ᠰᠠᠢ᠌ᠨ ᠰᠠᠢ᠌ᠬᠠᠨ ᠬᠠᠦᠯᠢᠵᠢᠯ ᠤᠨ ᠤᠷᠴᠢᠨ ᠲᠤᠭᠤᠷᠢᠨ ᠢ ᠪᠤᠢ ᠪᠣᠯᠭᠠᠬᠤ᠂ ᠠᠵᠤ ᠠᠬᠤᠢ ᠨᠡᠢ᠌ᠭᠡᠮ ᠦᠨ ᠴᠢᠨᠠᠷ ᠰᠠᠢ᠌ᠲᠠᠢ ᠬᠦᠭ᠍ᠵᠢᠯᠳ᠋ᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭ᠍ᠲᠡᠢ ᠭᠡᠵᠦ ᠵᠢᠭᠠᠵᠦ ᠭᠠᠷᠭᠠᠪᠠ᠃ (ᠯᠸᠢ ᠫᠠᠩ)