ᠤᠳᠤ ᠶᠢᠨ ᠪᠠᠢ᠌ᠷᠢ᠄ ᠴᠢᠬᠤᠯᠠ ᠮᠡᠳᠡᠭᠡ → ᠶᠡᠩ ᠵᠸᠨ ᠴᠢᠩ ᠰᠤᠮᠤ ᠪᠠᠯᠭᠠᠰᠤᠨ ᠤ ᠠᠷᠠᠳ ᠤᠨ᠁
ᠶᠡᠩ ᠵᠸᠨ ᠴᠢᠩ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠢ ᠪᠠᠢ᠌ᠴᠠᠭᠠᠨ ᠵᠢᠯᠤᠭᠤᠳᠪᠠ

       
       ᠤᠢ᠌ᠷ᠎ᠠ ᠶᠢᠨ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠡᠩ ᠵᠸᠨ ᠴᠢᠩ ᠪᠦᠬᠦ ᠬᠣᠰᠢᠭᠤᠨ ᠤ 15 ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠭᠤᠤᠯᠳ᠋ᠠᠯᠭ᠎ᠠ ᠲᠡᠶ ᠠᠵᠢᠯ ᠢ ᠪᠠᠢ᠌ᠴᠠᠭᠠᠨ ᠵᠢᠯᠤᠭᠤᠳᠪᠠ᠃ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠵᠡᠷᠭᠡ ᠬᠡᠯᠪᠡᠷᠢ ᠪᠡᠷ ᠲᠠᠮᠵᠢᠨ᠂ ᠪᠦᠬᠦ ᠰᠤᠮᠤ ᠪᠠᠯᠭᠠᠰᠤᠨ ᠤ《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠶᠢᠨ ᠪᠦᠳ᠋ᠦᠭᠡᠨ ᠪᠠᠢ᠌ᠭᠤᠯᠤᠯᠳ᠋ᠠ᠂ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠢ ᠬᠡᠷᠡᠭ᠍ᠵᠢᠭᠦᠯᠦᠭ᠍ᠰᠡᠨ᠂ ᠠᠷᠠᠳ ᠤᠨ ᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠪᠠᠢ᠌ᠳ᠋ᠠᠯ ᠪᠠ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠨᠡᠢ᠌ᠳ᠋ᠡᠯᠢᠭ᠌ ᠬᠢᠬᠦ ᠠᠷᠭ᠎ᠠ ᠶᠢ ᠪᠤᠢ ᠪᠣᠯᠭᠠᠬᠤ ᠵᠢᠴᠢ ᠠᠷᠠᠳ ᠤᠨ ᠲᠦ᠋ᠯᠦᠭᠡᠯᠡᠭ᠍ᠴᠢᠳ ᠦᠨ ᠪᠣᠯᠪᠠᠰᠤᠷᠠᠯ᠂ ᠮᠡᠳ᠋ᠡᠭᠡ ᠵᠠᠩᠭᠢ ᠶᠢᠨ ᠪᠠᠢ᠌ᠴᠠᠭᠠᠨ ᠰᠤᠳ᠋ᠤᠯᠤᠯᠳ᠋ᠠ ᠵᠡᠷᠭᠡ ᠠᠵᠢᠯ ᠢ ᠨᠠᠷᠢᠨ ᠤᠢ᠌ᠯᠠᠭᠠᠭᠰᠠᠨ ᠪᠦᠭᠡᠳ ᠵᠢᠯᠤᠭᠤᠳᠬᠤ ᠴᠢᠨᠠᠷᠳ᠋ᠠᠢ ᠰᠠᠨᠠᠯ ᠲᠤᠷᠠᠳᠪᠠ᠃

       
        ᠶᠡᠩ ᠵᠸᠨ ᠴᠢᠩ ᠡᠴᠡ᠂《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》ᠪᠠ ᠠᠷᠠᠳ ᠤᠨ ᠲᠦ᠋ᠯᠦᠭᠡᠯᠡᠭ᠍ᠴᠢᠳ ᠦᠨ ᠬᠠᠷᠢᠯᠴᠠᠬᠤ ᠥᠷᠳ᠋ᠡᠭᠡ ᠶᠢᠨ ᠪᠦᠳ᠋ᠦᠭᠡᠨ ᠪᠠᠢ᠌ᠭᠤᠯᠤᠯᠳ᠋ᠠ ᠶᠢ ᠲᠡᠭᠡᠳ᠋ᠦ ᠬᠡᠮᠵᠢᠶ᠎ᠠ ᠪᠡᠷ ᠬᠦᠨᠳ᠋ᠦᠳᠭᠡᠨ᠂ ᠤᠨᠴᠠᠭᠠᠢ᠌ᠯᠠᠨ ᠰᠢᠨ᠎ᠠ ᠴᠠᠭ ᠥᠶ᠎ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠰᠢᠨ᠎ᠠ ᠱᠠᠭᠠᠷᠳ᠋ᠠᠯᠭ᠎ᠠ ᠳ᠋ᠦ ᠵᠤᠬᠢᠴᠠᠭᠰᠠᠨ᠂ ᠲᠤᠰᠬᠤᠨ ᠤ ᠱᠠᠳ᠋ᠤᠨ ᠤ ᠲᠦ᠋ᠯᠦᠭᠡᠯᠡᠭ᠍ᠴᠢᠳ ᠦᠨ ᠬᠠᠷᠢᠯᠴᠠᠬᠤ ᠥᠷᠳ᠋ᠡᠭᠡ ᠶᠢ ᠪᠠᠢ᠌ᠭᠤᠯᠵᠦ᠂ ᠬᠦᠬᠦᠷᠭᠡ ᠬᠤᠯᠪᠤᠭᠠᠰᠦ ᠶᠢᠨ ᠦᠢᠯᠡᠳ᠋ᠦᠯ ᠢ ᠪᠠᠳ᠋ᠠᠷᠠᠭᠤᠯᠦᠨ᠂ ᠲᠤᠭᠳ᠋ᠠᠭᠰᠠᠨ ᠴᠠᠭ ᠲᠤᠭᠳ᠋ᠠᠭᠰᠠᠨ ᠭᠠᠵᠠᠷ ᠰᠤᠩᠭ᠋ᠤᠭᠤᠯᠢ ᠶᠢᠨ ᠠᠷᠠᠳ ᠢ ᠬᠦᠯᠢᠶᠡᠨ ᠠᠪᠬᠤ ᠠᠵᠢᠯᠯᠠᠭ᠎ᠠ ᠦᠷᠨᠢᠭᠦᠯᠵᠦ᠂ ᠰᠤᠩᠭ᠋ᠤᠭᠤᠯᠢ ᠶᠢᠨ ᠠᠷᠠᠳ ᠤᠨ ᠬᠦᠰᠡᠯ ᠱᠠᠭᠠᠷᠳ᠋ᠠᠯᠭ᠎ᠠ ᠶᠢ ᠤᠢ᠌ᠯᠠᠭᠠᠨ ᠡᠵᠡᠮᠰᠢᠬᠦ ᠬᠡᠷᠡᠭ᠍ᠲᠡᠢ᠃ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠪᠣᠯ ᠠᠷᠠᠳ ᠲᠦ᠋ᠮᠡᠨ ᠦ ᠬᠤᠪᠢ ᠪᠡᠶ᠎ᠠ ᠶᠢᠨ ᠠᠰᠢᠭ ᠲᠤᠰᠠ ᠲᠡᠶ ᠬᠣᠯᠪᠤᠬᠳ᠋ᠠᠵᠦ᠂ ᠠᠷᠠᠳ ᠲᠦ᠋ᠮᠡᠨ ᠦ ᠰᠠᠢ᠌ᠨ ᠰᠠᠢ᠌ᠬᠠᠨ ᠠᠮᠢᠳ᠋ᠤᠷᠠᠯ ᠤᠨ ᠬᠦᠰᠡᠯ ᠡᠷᠡᠮᠡᠯᠵᠡᠯ ᠢ ᠲᠦ᠋ᠪᠯᠡᠷᠡᠭᠦᠯᠦᠨ᠂ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠦᠨ ᠠᠬᠢᠴᠡ ᠶᠢᠨ ᠪᠠᠢ᠌ᠳ᠋ᠠᠯ ᠢ ᠲᠡᠭᠡᠳ᠋ᠦ ᠬᠡᠮᠵᠢᠶ᠎ᠠ ᠪᠡᠷ ᠬᠦᠨᠳ᠋ᠦᠳᠭᠡᠵᠦ᠂ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠢ ᠪᠤᠳ᠋ᠠᠳ᠋ᠠᠢ ᠨᠠᠷᠢᠨ ᠨᠢᠬᠲᠠ ᠰᠠᠢ᠌ᠳ᠋ᠤᠷ ᠬᠢᠬᠦ ᠬᠡᠷᠡᠭ᠍ᠲᠡᠢ ᠭᠡᠵᠦ ᠱᠠᠭᠠᠷᠳ᠋ᠠᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠵᠢᠯ ᠲᠥᠷᠥᠯ ᠦᠨ ᠰᠢᠰᠲ᠋ᠸᠮ ᠶᠢᠡᠷ  ᠢᠶᠡᠨ ᠬᠠᠷᠢᠯᠴᠠᠬᠤ ᠰᠠᠯᠠᠭ᠎ᠠ ᠮᠦ᠋ᠴᠢᠷ ᠦᠨ ᠠᠵᠢᠯ ᠤᠨ ᠬᠠᠮᠳ᠋ᠤᠷᠡᠬᠰᠡᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠣ ᠯᠦ᠋ᠩ ᠦᠨᠳ᠋ᠦᠰᠦᠨ ᠱᠠᠳ᠋ᠤᠨ ᠳᠤ ᠬᠦᠷᠴᠦ ᠠᠵᠢᠯ ᠪᠠᠢ᠌ᠴᠠᠭᠠᠨ ᠰᠤᠳ᠋ᠤᠯᠪᠠ