ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠣ ᠯᠦ᠋ᠩ ᠦᠨᠳ᠋ᠦᠰᠦᠨ ᠱᠠᠳ᠋ᠤᠨ ᠳᠤ ᠬᠦᠷᠴᠦ ᠠᠵᠢᠯ ᠪᠠᠢ᠌ᠴᠠᠭᠠᠨ ᠰᠤᠳ᠋ᠤᠯᠪᠠ
5 ᠰᠠᠷ᠎ᠠ ᠶᠢᠨ 10 ᠦ ᠡᠳ᠋ᠦᠷ ᠡᠴᠡ 12 ᠤ ᠡᠳ᠋ᠦᠷ ᠪᠣᠯᠳ᠋ᠠᠯ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠣᠤ ᠯᠦ᠋ᠩ ᠤᠷᠢᠳ ᠬᠣᠵᠢᠳ ᠭᠡᠷᠴᠢᠯᠠᠭᠤ ᠰᠤᠮᠤ᠂ ᠠᠷᠤ ᠬᠦᠨᠳ᠋ᠡᠯᠡᠨ ᠰᠤᠮᠤ ᠳ᠋ᠦ ᠬᠦᠷᠴᠦ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠠᠵᠢᠯ ᠤᠨ ᠲᠠᠨᠢᠯᠴᠠᠭᠤᠯᠭ᠎ᠠ ᠶᠢ ᠰᠤᠨᠤᠰᠬᠤ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ ᠵᠡᠷᠭᠡ ᠬᠡᠯᠪᠡᠷᠢ ᠪᠡᠷ ᠲᠠᠮᠵᠢᠨ᠂ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠢ ᠪᠠᠢ᠌ᠴᠠᠭᠠᠨ ᠵᠢᠯᠤᠭᠤᠳᠪᠠ᠃

ᠭᠡᠷᠴᠢᠯᠠᠭᠤ ᠰᠤᠮᠤᠨ ᠤ ᠪᠠᠶᠠᠨ ᠵᠢᠷᠦᠬᠡ ᠭᠠᠴᠠᠭᠠᠨ ᠳᠤ ᠪᠠᠢ᠌ᠴᠠᠭᠠᠨ ᠰᠤᠳ᠋ᠤᠯᠤᠯᠳ᠋ᠠ ᠬᠢᠬᠦ ᠳ᠋ᠡᠬᠡᠨ᠂ ᠪᠣᠤ ᠯᠦ᠋ᠩ ᠭᠠᠳ᠋ᠠᠨ᠎ᠠ ᠡᠴᠡ ᠢᠷᠡᠭ᠍ᠰᠡᠨ ᠮᠠᠯ ᠤᠨᠤᠭ᠎ᠠ ᠶᠢ ᠴᠡᠭ᠍ᠴᠡᠯᠡᠨ ᠵᠠᠰᠠᠬᠤ᠂ ᠮᠠᠯ ᠪᠡᠯᠴᠢᠭᠡᠷ ᠢ ᠲᠡᠩᠴᠡᠭᠦᠷᠢ ᠲᠡᠶ ᠪᠠᠢ᠌ᠯᠭᠠᠬᠤ᠂ ᠨᠤᠲᠤᠭ ᠪᠡᠯᠴᠢᠭᠡᠷ ᠦᠨ ᠲᠦ᠋ᠢᠮᠡᠷ ᠢ ᠰᠡᠷᠭᠡᠢ᠌ᠯᠡᠨ ᠤᠨᠲᠠᠷᠠᠭᠠᠬᠤ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭ᠍ᠴᠡᠯᠡᠨ ᠵᠠᠰᠠᠬᠤ᠂ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠢ ᠬᠡᠷᠡᠭ᠍ᠵᠢᠭᠦᠯᠬᠦ᠂ ᠮᠠᠯ ᠠᠵᠤ ᠠᠬᠤᠢ ᠶᠢᠨ ᠬᠢᠵᠢᠭ᠌ ᠢ ᠰᠡᠷᠭᠡᠢ᠌ᠯᠡᠨ ᠰᠠᠢ᠌ᠵᠢᠷᠠᠭᠤᠯᠬᠤ ᠵᠡᠷᠭᠡ ᠠᠵᠢᠯ ᠤᠨ ᠲᠣᠮᠲᠠ ᠤᠷᠤᠰᠢᠵᠤ ᠪᠠᠢ᠌ᠬᠤ ᠠᠰᠠᠭᠤᠳ᠋ᠠᠯ ᠪᠤᠯᠤᠨ ᠬᠦᠷᠦᠯᠴᠡᠬᠦ ᠦᠭᠡᠶ ᠲᠠᠯ᠎ᠠ ᠳᠤ ᠴᠢᠭᠯᠡᠭᠦᠯᠦᠨ ᠪᠦᠳ᠋ᠦᠭᠡᠯᠴᠢ ᠴᠢᠨᠠᠷᠳ᠋ᠠᠢ ᠰᠠᠨᠠᠯ ᠲᠤᠷᠠᠳᠪᠠ᠃
ᠠᠷᠤ ᠬᠦᠨᠳ᠋ᠡᠯᠡᠨ ᠪᠠᠯᠭᠠᠰᠤᠨ ᠳᠤ᠂ ᠪᠣᠤ ᠯᠦ᠋ᠩ ᠤᠷᠢᠳ ᠬᠣᠵᠢᠳ ᠪᠠᠶᠠᠨᠴᠠᠭᠠᠨ ᠭᠠᠴᠠᠭ᠎ᠠ᠂ ᠰᠠᠷᠠᠭᠤᠯ ᠭᠠᠴᠠᠭ᠎ᠠ᠂ ᠬᠤᠢ᠌ᠳ᠋ᠤ ᠰᠠᠯᠠᠭ᠎ᠠ ᠭᠠᠴᠠᠭᠠᠨ ᠳᠤ ᠬᠦᠷᠴᠦ᠂ ᠰᠦ᠋ᠷᠦᠭ᠌ ᠦᠨ ᠲᠡᠵᠢᠭᠡᠨ ᠦᠷᠡᠵᠢᠭᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠢ᠂ ᠪᠠᠢ᠌ᠭᠠᠯᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ᠂ ᠶᠡᠬᠡ ᠳᠠᠪᠠᠭ᠎ᠠ ᠴᠠᠭᠠᠨ ᠢᠳ᠋ᠡᠭᠡᠨ ᠪᠤᠯᠪᠠᠰᠤᠷᠠᠭᠤᠯᠬᠤ ᠦᠢᠯᠡᠳᠪᠦᠷᠢ ᠶᠢᠨ ᠲᠠᠰᠤᠭ᠂ ᠰᠠᠷᠠᠭᠤᠯ ᠦᠨᠳ᠋ᠦᠰᠦᠳ᠋ᠡᠨ ᠦ ᠬᠤᠪᠴᠠᠰᠤ ᠵᠠᠰᠠᠯ ᠤᠨ ᠭᠠᠷ ᠤᠷᠠᠯᠠᠯ ᠤᠨ ᠦᠢᠯᠡᠳᠪᠦᠷᠢ ᠶᠢᠨ ᠲᠠᠰᠤᠭ ᠵᠡᠷᠭᠡ ᠡᠵᠡᠩᠨᠡᠯᠳ᠋ᠡ ᠠᠵᠢᠯᠯᠠᠭᠠᠨ ᠤ ᠪᠠᠢ᠌ᠳ᠋ᠠᠯ ᠢ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠦᠵᠡᠬᠦ ᠶᠢᠨ ᠬᠠᠮᠳ᠋ᠤ ᠦᠬᠡᠷ ᠦᠨ ᠠᠵᠤ ᠦᠢᠯᠡᠰ ᠢ ᠠᠬᠢᠭᠤᠯᠬᠤ ᠠᠵᠢᠯ ᠳᠤ ᠵᠢᠯᠤᠭᠤᠳᠬᠤ ᠴᠢᠨᠠᠷᠳ᠋ᠠᠢ ᠰᠠᠨᠠᠯ ᠪᠠ ᠰᠠᠨᠠᠭᠤᠯᠭ᠎ᠠ ᠲᠤᠷᠠᠳᠪᠠ᠃

ᠬᠤᠳ᠋ᠠ ᠶᠢᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠤᠷᠠᠨ᠎ᠠ ᠪᠤᠯᠤᠨ ᠬᠤᠰᠢᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠬᠤᠷᠴᠠᠪᠢᠯᠢᠭ᠌ ᠢ ᠰᠤᠷᠪᠤᠯᠵᠢᠯᠠᠬᠤ ᠥᠶ᠎ᠠ ᠳ᠋ᠦ᠂ ᠪᠣᠤ ᠯᠦ᠋ᠩ ᠠᠷᠠᠳ ᠤᠨ ᠲᠦ᠋ᠯᠦᠭᠡᠯᠡᠭ᠍ᠴᠢ ᠲᠡᠶ ᠲᠤᠳ᠋ᠤᠨᠤ ᠪᠠᠷ ᠶᠠᠷᠢᠯᠴᠡᠨ᠂ ᠲᠡᠳ᠋ᠡᠨ ᠦ ᠦᠢᠯᠡᠳᠪᠦᠷᠢᠯᠡᠯ ᠠᠮᠢᠳ᠋ᠤᠷᠠᠯ ᠪᠠ ᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠪᠠᠢ᠌ᠳ᠋ᠠᠯ ᠢ ᠨᠠᠷᠢᠨ ᠨᠢᠮᠪᠠᠢ ᠯᠠᠪᠯᠠᠨ ᠠᠰᠠᠭᠤᠵᠦ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠳᠤ ᠲᠤᠷᠠᠳ᠋ᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠪᠠ᠂ ᠡᠭᠦᠨ ᠦ ᠬᠠᠮᠳ᠋ᠤ ᠠᠷᠠᠳ ᠤᠨ ᠲᠦ᠋ᠯᠦᠭᠡᠯᠡᠭ᠍ᠴᠢᠳ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠠᠷᠠᠳ ᠤᠨ ᠲᠦ᠋ᠯᠦᠭᠡᠯᠡᠭ᠍ᠴᠢ ᠶᠢᠨ ᠬᠦᠬᠦᠷᠭᠡ ᠬᠤᠯᠪᠤᠭᠠᠰᠤ ᠶᠢᠨ ᠦᠢᠯᠡᠳ᠋ᠦᠯ ᠢᠶᠡᠨ ᠭᠦᠢᠴᠡᠳ ᠪᠠᠳ᠋ᠠᠷᠠᠭᠤᠯᠵᠦ᠂ ᠤᠯᠠᠨ ᠲᠦ᠋ᠮᠡᠨ ᠦ ᠬᠦᠰᠡᠯ ᠱᠠᠭᠠᠷᠳ᠋ᠠᠯᠭ᠎ᠠ ᠶᠢ ᠰᠤᠨᠤᠰᠤᠨ᠂ ᠠᠵᠤ ᠠᠬᠤᠢ ᠨᠡᠢ᠌ᠭᠡᠮ ᠦᠨ ᠴᠢᠨᠠᠷ ᠰᠠᠢ᠌ᠲᠠᠢ ᠬᠦᠭ᠍ᠵᠢᠯᠳ᠋ᠡ ᠳ᠋ᠦ ᠢᠳ᠋ᠡᠪᠬᠢᠳ᠋ᠠᠢ ᠪᠠᠷ ᠰᠠᠨᠠᠯ ᠵᠦ᠋ᠪᠯᠡᠯᠭᠡ ᠲᠤᠷᠠᠳ᠋ᠤᠨ ᠠᠷᠭ᠎ᠠ ᠤᠬᠠᠭᠠᠨ ᠭᠠᠷᠭᠠᠵᠦ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠢ ᠰᠠᠳᠭᠢᠯ ᠨᠢᠭᠡᠳ᠋ᠦᠨ ᠬᠦᠴᠦ ᠪᠡᠨ ᠬᠠᠮᠳ᠋ᠤᠳᠬᠠᠵᠦ ᠰᠠᠢ᠌ᠳ᠋ᠤᠷ ᠬᠢᠬᠦ ᠬᠡᠷᠡᠭ᠍ᠲᠡᠢ ᠭᠡᠪᠡ᠃ (ᠯᠸᠢ ᠫᠠᠩ)