ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠦᠨᠳ᠋ᠦᠰᠦᠳ᠋ᠡᠨ ᠦ ᠪᠦᠯᠬᠦᠮᠳ᠋ᠡᠯ ᠲᠠᠪᠰᠢᠯᠳ᠋ᠡ ᠶᠢ ᠡᠭᠦᠳ᠋ᠦᠨ ᠪᠠᠢ᠌ᠭᠤᠯᠬᠤ 《ᠨᠡᠢ᠌ᠭᠡᠮ ᠲᠤᠭᠤᠷᠢᠭ ᠲᠤ ᠤᠷᠣᠬᠤ》 ᠪᠠ ᠦᠨᠳ᠋ᠦᠰᠦᠳ᠋ᠡᠨ ᠦ ᠲᠥᠷᠥ ᠶᠢᠨ ᠪᠣᠳ᠋ᠤᠯᠭ᠎ᠠ ᠶᠢ ᠤᠬᠠᠭᠤᠯᠬᠤ ᠰᠠᠷ᠎ᠠ ᠶᠢᠨ ᠭᠤᠣᠯ ᠰᠡᠳ᠋ᠦᠪᠳ᠋ᠦ ᠠᠵᠢᠯᠯᠠᠭ᠎ᠠ ᠦᠷᠨᠢᠭᠦᠯᠪᠡ

       
           5 ᠰᠠᠷ᠎ᠠ ᠶᠢᠨ 16 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠦᠨᠳ᠋ᠦᠰᠦᠳ᠋ᠡᠨ ᠦ ᠪᠦᠯᠬᠦᠮᠳ᠋ᠡᠯ ᠲᠠᠪᠰᠢᠯᠳ᠋ᠡ ᠶᠢ ᠡᠭᠦᠳ᠋ᠦᠨ ᠪᠠᠢ᠌ᠭᠤᠯᠬᠤ《ᠨᠡᠢ᠌ᠭᠡᠮ ᠲᠤᠭᠤᠷᠢᠭ ᠲᠤ ᠤᠷᠣᠬᠤ》ᠪᠠ ᠦᠨᠳ᠋ᠦᠰᠦᠳ᠋ᠡᠨ ᠦ ᠲᠥᠷᠥ ᠶᠢᠨ ᠪᠣᠳ᠋ᠤᠯᠭ᠎ᠠ ᠶᠢ ᠤᠬᠠᠭᠤᠯᠬᠤ ᠰᠠᠷ᠎ᠠ ᠶᠢᠨ ᠭᠤᠣᠯ ᠰᠡᠳ᠋ᠦᠪᠳ᠋ᠦ ᠠᠵᠢᠯᠯᠠᠭ᠎ᠠ ᠦᠷᠨᠢᠭᠦᠯᠵᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠥᠨ ᠡᠾᠦ᠋ᠢ ᠤᠷᠤᠯᠴᠠᠪᠠ᠃

        

        ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠺᠠᠳ᠋ᠷ ᠠᠵᠢᠯᠳ᠋ᠡᠳ ᠤᠷᠢᠳ ᠬᠣᠵᠢᠳ ᠵᠦ᠋ᠩ ᠬᠤᠸᠠ ᠠᠭᠤᠳ᠋ᠠᠮ ᠲᠠᠯᠠᠪᠠᠢ᠂ ᠰᠢᠩ ᠬᠤᠸᠠ ᠨᠡᠢ᠌ᠭᠡᠮ ᠲᠤᠭᠤᠷᠢᠭ ᠪᠠ ᠬᠡᠰᠡᠭ᠌ ᠬᠤᠳ᠋ᠠᠯᠳ᠋ᠤᠭ᠎ᠠ ᠲᠡᠯᠭᠡᠭᠦᠷ᠂ ᠰᠠᠭᠤᠭᠠᠯᠢ ᠠᠷᠠᠳ ᠤᠨ ᠡᠷᠦᠭᠡ ᠳ᠋ᠦ ᠤᠷᠤᠵᠦ᠂ ᠦᠨᠳ᠋ᠦᠰᠦᠳ᠋ᠡᠨ ᠦ ᠲᠥᠷᠥ ᠶᠢᠨ ᠪᠣᠳ᠋ᠤᠯᠭ᠎ᠠ ᠶᠢᠨ ᠤᠬᠠᠭᠤᠯᠭ᠎ᠠ ᠶᠢᠨ ᠬᠦᠨᠳ᠋ᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳ᠋ᠠᠰᠦ ᠪᠠ ᠤᠬᠠᠭᠤᠯᠭ᠎ᠠ ᠶᠢᠨ ᠭᠠᠷ ᠲᠡᠪᠳ᠋ᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠪᠡᠷ ᠲᠠᠮᠵᠢᠨ ᠨᠠᠮ ᠤᠨ ᠦᠨᠳ᠋ᠦᠰᠦᠳ᠋ᠡᠨ ᠦ ᠤᠨᠤᠯ ᠦᠨᠳ᠋ᠦᠰᠦᠳ᠋ᠡᠨ ᠦ ᠲᠥᠷᠥ ᠶᠢᠨ ᠪᠣᠳ᠋ᠤᠯᠭ᠎ᠠ ᠪᠠ ᠬᠠᠮᠢᠶ᠎ᠠ ᠪᠦᠬᠦᠢ ᠬᠠᠦᠯᠢ ᠲᠤᠭᠳ᠋ᠠᠭᠠᠯ ᠢ ᠨᠠᠷᠢᠨ ᠬᠢᠨᠠᠮᠠᠭᠠᠢ ᠤᠬᠠᠭᠤᠯᠤᠨ ᠲᠠᠢ᠌ᠯᠪᠤᠷᠢᠯᠡᠪᠡ᠃

        
           ᠲᠤᠰ ᠤᠳ᠋ᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠲᠠᠮᠵᠢᠨ᠂ ᠤᠯᠠᠨ ᠲᠦ᠋ᠮᠡᠨ ᠢ ᠲᠠᠢ᠌ᠴᠢᠯᠡᠨ ᠦᠨᠳ᠋ᠦᠰᠦᠳ᠋ᠡᠨ ᠦ ᠲᠥᠷᠥ ᠶᠢᠨ ᠪᠣᠳ᠋ᠤᠯᠭ᠎ᠠ ᠬᠠᠦᠯᠢ ᠲᠤᠭᠳ᠋ᠠᠭᠠᠯ ᠤᠨ ᠮᠡᠳ᠋ᠡᠯᠭᠡ ᠶᠢᠨ ᠰᠤᠷᠤᠯᠴᠠᠯᠭ᠎ᠠ ᠳᠤ ᠢᠳ᠋ᠡᠪᠬᠢᠳ᠋ᠠᠢ ᠤᠷᠤᠯᠴᠠᠭᠤᠯᠤᠨ᠂ ᠨᠠᠮ ᠤᠨ ᠦᠨᠳ᠋ᠦᠰᠦᠳ᠋ᠡᠨ ᠦ ᠤᠨᠤᠯ ᠪᠠ ᠦᠨᠳ᠋ᠦᠰᠦᠳ᠋ᠡᠨ ᠦ ᠲᠥᠷᠥ ᠶᠢᠨ ᠪᠣᠳ᠋ᠤᠯᠭ᠎ᠠ ᠵᠢᠴᠢ ᠬᠠᠤᠯᠢ ᠴᠠᠭᠠᠵᠠ ᠬᠠᠦᠯᠢ ᠲᠤᠭᠳ᠋ᠠᠭᠠᠯ ᠤᠨ ᠲᠤᠬᠠᠢ ᠤᠢ᠌ᠯᠠᠭᠠᠯᠳ᠋ᠠ ᠶᠢ ᠨᠡᠮᠡᠭ᠍ᠳ᠋ᠡᠭᠦᠯᠵᠦ᠂ ᠤᠯᠠᠨ ᠲᠦ᠋ᠮᠡᠨ ᠦ ᠬᠠᠦᠯᠢ ᠪᠠᠷ ᠵᠠᠰᠠᠬᠤ ᠤᠬᠠᠮᠰᠡᠷ ᠪᠠ ᠠᠷᠠᠳ ᠢᠷᠭᠡᠨ ᠦ ᠤᠬᠠᠮᠰᠡᠷ ᠢ ᠴᠢᠩᠭ᠋ᠠᠳᠬᠠᠨ᠂ ᠦᠷᠭᠡᠨ ᠤᠯᠠᠨ ᠲᠦ᠋ᠮᠡᠨ ᠦ《ᠲᠤᠮᠳ᠋ᠠᠳ᠋ᠤ ᠶᠢᠨ ᠦᠨᠳ᠋ᠦᠰᠦᠳ᠋ᠡᠨ ᠨᠢᠭᠡ ᠭᠡᠷ ᠪᠦᠯᠢ ᠮᠡᠲᠦ ᠲᠤᠳ᠋ᠤᠨᠤ᠂ ᠰᠡᠳᠭᠢᠯ ᠨᠢᠭᠡᠳ᠋ᠦᠨ ᠲᠤᠮᠳ᠋ᠠᠳ᠋ᠤ ᠶᠢᠨ ᠵᠡᠭᠦᠳ᠋ᠦ ᠶᠢ ᠬᠠᠮᠳ᠋ᠤᠪᠠᠷ ᠲᠡᠷᠭᠡᠯᠰᠢᠭᠦᠯᠬᠦ》 ᠪᠠ ᠡᠯ᠎ᠠ ᠦᠨᠳ᠋ᠦᠰᠦᠳ᠋ᠡᠨ ᠦ ᠠᠷᠠᠳ ᠲᠦ᠋ᠮᠡᠨ ᠡᠬᠡ ᠤᠯᠤᠰ ᠤᠨ ᠶᠢᠡᠨ ᠡᠯᠢᠭᠡᠨ ᠳ᠋ᠦ《ᠠᠨᠠᠷ ᠤᠨ ᠥᠷ᠎ᠠ》ᠮᠨᠳ᠋ᠦ ᠨᠢᠬᠳ᠋ᠡᠷᠡᠨ ᠪᠦᠯᠬᠦᠮᠳ᠋ᠡᠵᠦ᠂ ᠡᠯ᠎ᠠ ᠦᠨᠳ᠋ᠦᠰᠦᠳ᠋ᠡᠨ ᠦ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠠᠬᠢᠭᠤᠯᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠦᠨᠳ᠋ᠦᠰᠦᠳ᠋ᠡᠨ ᠦ ᠪᠦᠯᠬᠦᠮᠳ᠋ᠡᠯ ᠲᠠᠪᠰᠢᠯᠳ᠋ᠡ ᠶᠢ ᠡᠭᠦᠳ᠋ᠦᠨ ᠪᠠᠢ᠌ᠭᠤᠯᠬᠤ ᠠᠵᠢᠯ《ᠪᠠᠢ᠌ᠭᠤᠯᠭ᠎ᠠ ᠳᠤ ᠤᠷᠣᠬᠤ》ᠪᠠ 2023 ᠣᠨ ᠤ ᠦᠨᠳ᠋ᠦᠰᠦᠳ᠋ᠡᠨ ᠦ ᠲᠥᠷᠥ ᠶᠢᠨ ᠪᠣᠳ᠋ᠤᠯᠭ᠎ᠠ ᠶᠢ ᠤᠬᠠᠭᠤᠯᠬᠤ ᠰᠠᠷ᠎ᠠ ᠵᠢᠴᠢ 《ᠠᠨᠠᠷ ᠤᠨ ᠥᠷ᠎ᠠ》 ᠶᠢᠨ ᠠᠵᠢᠯᠯᠠᠭ᠎ᠠ ᠶᠢᠨ ᠲᠦ᠋ᠯᠦᠪᠯᠡᠭᠡ ᠶᠢᠨ ᠲᠠᠢ᠌ᠴᠢᠯᠠᠯᠳ᠋ᠠ ᠶᠢᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠮᠠᠨ ᠤ ᠬᠤᠰᠢᠭᠤᠨ ᠳᠤ ᠢᠷᠡᠵᠦ ᠬᠠᠦᠯᠢ ᠲᠤᠭᠳ᠋ᠠᠭᠠᠬᠤ ᠬᠤᠭᠤᠴᠠᠭᠠᠨ ᠤ ᠪᠠᠢ᠌ᠴᠠᠭᠠᠨ ᠰᠤᠳ᠋ᠤᠯᠤᠯᠳ᠋ᠠ ᠬᠢᠪᠡ