ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠮᠠᠨ ᠤ ᠬᠤᠰᠢᠭᠤᠨ ᠳᠤ ᠢᠷᠡᠵᠦ ᠬᠠᠦᠯᠢ ᠲᠤᠭᠳ᠋ᠠᠭᠠᠬᠤ ᠬᠤᠭᠤᠴᠠᠭᠠᠨ ᠤ ᠪᠠᠢ᠌ᠴᠠᠭᠠᠨ ᠰᠤᠳ᠋ᠤᠯᠤᠯᠳ᠋ᠠ ᠬᠢᠪᠡ

5 ᠰᠠᠷ᠎ᠠ ᠶᠢᠨ 16 ᠦ ᠡᠳ᠋ᠦᠷ᠂ ᠲᠦ᠋ᠩᠯᠢᠶᠤᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠦᠯᠢ ᠴᠠᠭᠠᠵᠠ ᠶᠢᠨ ᠠᠵᠢᠯ ᠤᠨ ᠵᠦ᠋ᠪᠯᠡᠯ ᠡᠷᠬᠢᠯᠡᠭ᠍ᠴᠢ ᠸᠠᠩ ᠶᠢᠩ ᠢ ᠪᠠᠢ᠌ᠴᠠᠭᠠᠨ ᠰᠤᠳ᠋ᠤᠯᠬᠤ ᠲᠤᠭᠤᠢ᠌ᠯᠠᠩ ᠢ ᠲᠠᠭᠠᠭᠤᠯᠤᠨ ᠵᠠᠷᠤᠳ ᠬᠤᠰᠢᠭᠤᠨ ᠳᠤ ᠢᠷᠡᠵᠦ《ᠲᠦ᠋ᠩᠯᠢᠶᠤᠤ ᠬᠤᠳ᠋ᠠ ᠶᠢᠨ ᠬᠡᠪ ᠵᠠᠩᠰᠢᠯ ᠢ ᠦᠭᠡᠷᠡᠴᠢᠯᠡᠬᠦ ᠲᠥᠷᠢᠮ (ᠲᠥᠰᠥᠯ ᠦᠨ ᠵᠠᠰᠠᠪᠤᠷᠢ ᠤᠷᠤᠭᠤᠯᠤᠭᠰᠠᠨ ᠨᠤᠤᠷᠠᠭ)》《ᠲᠦ᠋ᠩᠯᠢᠶᠤᠤ ᠬᠤᠳ᠋ᠠ ᠶᠢᠨ ᠬᠤᠳ᠋ᠠ ᠶᠢᠨ ᠤᠰᠤ ᠬᠠᠩᠭ᠋ᠠᠬᠤ ᠲᠥᠷᠢᠮ (ᠲᠥᠰᠥᠯ ᠦᠨ ᠵᠠᠰᠠᠪᠤᠷᠢ ᠤᠷᠤᠭᠤᠯᠤᠭᠰᠠᠨ ᠨᠤᠤᠷᠠᠭ)》(ᠲᠤᠷᠤᠭᠰᠢ《ᠲᠥᠷᠢᠮ》ᠭᠡᠵᠦ ᠲᠤᠪᠴᠢᠯᠡᠨ᠎ᠠ) ᠤᠨ ᠬᠠᠦᠯᠢ ᠲᠤᠭᠳ᠋ᠠᠭᠠᠬᠤ ᠬᠤᠭᠤᠴᠠᠭᠠᠨ ᠤ ᠪᠠᠢ᠌ᠴᠠᠭᠠᠨ ᠰᠤᠳ᠋ᠤᠯᠤᠯᠳ᠋ᠠ ᠬᠢᠵᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠣᠤ ᠯᠦ᠋ᠩ ᠪᠠᠢ᠌ᠴᠠᠭᠠᠨ ᠰᠤᠳ᠋ᠤᠯᠬᠤ ᠬᠤᠷᠠᠯ ᠳᠤ ᠤᠷᠤᠯᠴᠠᠪᠠ᠃

ᠬᠠᠦᠯᠢ ᠲᠤᠭᠳ᠋ᠠᠭᠠᠬᠤ ᠪᠠᠢ᠌ᠴᠠᠭᠠᠨ ᠰᠤᠳ᠋ᠤᠯᠬᠤ ᠲᠤᠭᠤᠢ᠌ᠯᠠᠩ ᠮᠠᠨ ᠤ ᠬᠤᠰᠢᠭᠤᠨ ᠳᠤ ᠢᠷᠡᠵᠦ ᠲᠤᠰ ᠲᠤᠰ ᠬᠣᠰᠢᠭᠤ᠂ ᠪᠠᠯᠭᠠᠰᠤ ᠬᠤᠶᠠᠷ ᠱᠠᠳ᠋ᠤᠨ ᠤ ᠪᠠᠢ᠌ᠴᠠᠭᠠᠨ ᠰᠤᠳ᠋ᠤᠯᠬᠤ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ᠂ ᠬᠤᠶᠠᠷ《ᠲᠥᠷᠢᠮ》 ᠤᠨ ᠲᠤᠬᠠᠢ ᠰᠠᠨᠠᠯ ᠰᠠᠨᠠᠭᠤᠯᠭ᠎ᠠ ᠬᠤᠷᠢᠶᠠᠪᠠ᠃

ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ᠂ ᠵᠠᠷᠤᠳ ᠬᠤᠰᠢᠭᠤ ᠲᠤᠰ ᠤᠳ᠋ᠠᠭᠠᠨ ᠤ ᠬᠠᠦᠯᠢ ᠲᠤᠭᠳ᠋ᠠᠭᠠᠬᠤ ᠪᠠᠢ᠌ᠴᠠᠭᠠᠨ ᠰᠤᠳ᠋ᠤᠯᠤᠯᠳ᠋ᠠ ᠶᠢ ᠲᠡᠭᠡᠳ᠋ᠦ ᠬᠡᠮᠵᠢᠶ᠎ᠠ ᠪᠡᠷ ᠴᠢᠬᠤᠯᠠᠴᠢᠯᠡᠨ᠂ ᠪᠡᠯᠡᠳᠭᠡᠯ ᠭᠦᠢᠴᠡᠳ ᠪᠠᠢ᠌ᠵᠦ᠂ ᠬᠤᠷᠠᠯ ᠳᠤ ᠤᠷᠤᠯᠴᠠᠬᠰᠡᠳ ᠬᠠᠨᠳ᠋ᠤᠯᠭᠠᠳ᠋ᠤ ᠴᠢᠨᠠᠷᠳ᠋ᠠᠢ᠂ ᠵᠦ᠋ᠢ ᠵᠤᠬᠢᠰᠲᠡᠢ ᠰᠠᠨᠠᠯ ᠰᠠᠨᠠᠭᠤᠯᠭ᠎ᠠ ᠲᠤᠷᠠᠳᠴᠦ᠂ ᠬᠤᠶᠠᠷ ᠲᠥᠷᠢᠮ ᠢ ᠤᠯᠠᠮ ᠨᠢᠭᠡ ᠠᠯᠬᠤᠮ ᠲᠡᠭᠦᠯᠳ᠋ᠡᠷᠵᠢᠭᠦᠯᠬᠦ ᠳ᠋ᠦ ᠦᠨᠳ᠋ᠦᠰᠦᠯᠡᠯ ᠪᠠ ᠯᠠᠪᠯᠠᠯᠳ᠋ᠠ ᠬᠠᠩᠭ᠋ᠠᠨ᠂ ᠲᠥᠷᠢᠮ ᠢ ᠠᠯᠢ ᠲᠥᠷᠭᠡᠨ ᠶᠢᠡᠷ ᠨᠡᠢ᠌ᠳ᠋ᠡᠯᠡᠨ ᠬᠡᠷᠡᠭ᠍ᠵᠢᠭᠦᠯᠬᠦ ᠶᠢ ᠠᠬᠢᠭᠤᠯᠵᠦ᠂ ᠠᠵᠤ ᠠᠬᠤᠢ ᠨᠡᠢ᠌ᠭᠡᠮ ᠦᠨ ᠴᠢᠨᠠᠷ ᠰᠠᠢ᠌ᠲᠠᠢ ᠬᠦᠭ᠍ᠵᠢᠯᠳ᠋ᠡ ᠶᠢ ᠠᠬᠢᠭᠤᠯᠬᠤ ᠳᠤ ᠬᠦᠴᠦᠳ᠋ᠠᠢ ᠲᠡᠮᠵᠢᠯᠭᠡ ᠬᠠᠩᠭ᠋ᠠᠵᠦ ᠦᠭᠬᠦᠪᠡ ᠭᠡᠵᠦ ᠢᠯᠡᠷᠭᠡᠢ᠌ᠯᠡᠪᠡ᠃ (ᠯᠸᠢ ᠫᠠᠩ)