ᠪᠠᠶᠠᠷᠳ᠋ᠤᠬᠤᠰᠢᠭᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠵᠦ᠋ᠷᠢᠴᠡᠯ ᠵᠠᠭᠤᠷᠠᠯᠳ᠋ᠤᠭᠠᠨ ᠢ ᠠᠷᠢᠯᠭᠠᠬᠤ ᠠᠵᠢᠯ ᠳᠤ ᠬᠦᠴᠦᠨ ᠨᠡᠮᠡᠷᠢᠯᠡᠵᠦ ᠪᠠᠢ᠌ᠭ᠎ᠠ

ᠪᠠᠶᠠᠷᠳ᠋ᠤᠬᠤᠰᠢᠭᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠰᠠᠨᠠᠭᠠᠴᠢᠯᠠᠭ᠎ᠠ ᠡᠴᠡ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠨ᠂ ᠭᠠᠴᠠᠭ᠎ᠠ᠂ ᠨᠡᠢ᠌ᠭᠡᠮ ᠲᠤᠭᠤᠷᠢᠭ ᠲᠤ ᠭᠦᠨᠵᠡᠭᠡᠢ᠌ᠷᠡᠨ᠂ ᠰᠤᠷᠪᠤᠯᠵᠢᠯᠡᠨ ᠲᠤᠬᠤᠨᠢᠭᠤᠯᠬᠤ᠂ ᠰᠤᠩᠭ᠋ᠤᠭᠤᠯᠢ ᠶᠢᠨ ᠠᠷᠠᠳ ᠢ ᠬᠦᠯᠢᠶᠡᠨ ᠠᠪᠬᠤ᠂ ᠵᠦ᠋ᠷᠢᠴᠡᠯ ᠢ ᠡᠶᠡᠳ᠋ᠡᠭᠦᠯᠬᠦ ᠵᠡᠷᠭᠡ ᠠᠵᠢᠯᠯᠠᠭ᠎ᠠ ᠶᠢ ᠦᠷᠭᠡᠨ ᠶᠢᠡᠷ ᠦᠷᠨᠢᠭᠦᠯᠵᠦ᠂ ᠪᠦᠬᠦ ᠪᠠᠯᠭᠠᠰᠤᠨ ᠤ ᠵᠦ᠋ᠷᠢᠴᠡᠯ ᠵᠠᠭᠤᠷᠠᠯᠳ᠋ᠤᠭᠠᠨ ᠢ ᠰᠢ᠌ᠳᠪᠦᠷᠢᠯᠡᠬᠦ ᠠᠵᠢᠯ ᠢ ᠪᠦᠬᠦ ᠲᠠᠯ᠎ᠠ ᠪᠠᠷ ᠲᠥᠯᠬᠢᠨ ᠠᠬᠢᠭᠤᠯᠪᠠ᠃ (ᠯᠸᠢ ᠫᠠᠩ)