ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠳ᠋ᠠ ᠶᠢᠨ ᠨᠠᠮ ᠤᠨ ᠬᠤᠷᠢᠶᠠᠨ ᠤ ᠬᠢᠨᠠᠨ᠁
ᠬᠤᠳ᠋ᠠ ᠶᠢᠨ ᠨᠠᠮ ᠤᠨ ᠬᠤᠷᠢᠶᠠᠨ ᠤ ᠬᠢᠨᠠᠨ ᠪᠠᠢ᠌ᠴᠠᠭᠠᠬᠤ ᠲᠤᠭᠤᠢ᠌ᠯᠠᠩ ᠮᠠᠨ ᠤ ᠬᠤᠰᠢᠭᠤᠨ ᠳᠤ ᠢᠷᠡᠵᠦ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠢ ᠬᠢᠨᠠᠨ ᠪᠠᠢ᠌ᠴᠠᠭᠠᠪᠠ

       
      5 ᠰᠠᠷ᠎ᠠ ᠶᠢᠨ 22 ᠦ ᠡᠳ᠋ᠦᠷ᠂ ᠬᠣᠲᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠨ᠂ ᠨᠠᠷᠢᠨ ᠪᠢᠴᠢᠭ᠌ ᠦᠨ ᠲᠠᠷᠤᠭ᠎ᠠ᠂ ᠠᠯᠪᠠᠨ ᠭᠡᠷ ᠦᠨ ᠡᠷᠬᠢᠯᠡᠭ᠍ᠴᠢ ᠱᠢ ᠡᠾᠸᠦ ᠴᠥᠨ ᠬᠤᠳ᠋ᠠ ᠶᠢᠨ ᠨᠠᠮ ᠤᠨ ᠬᠤᠷᠢᠶᠠᠨ ᠤ ᠬᠢᠨᠠᠨ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ ᠵᠠᠷᠤᠳ ᠬᠣᠰᠢᠭᠤᠨ ᠳᠤ ᠢᠷᠡᠵᠦ᠂ ᠲᠥᠪ ᠦᠨ ᠨᠠᠮ ᠤᠨ ᠬᠤᠷᠢᠶ᠎ᠠ᠂ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠣᠷᠢᠶ᠎ᠠ ᠪᠠ ᠬᠤᠳ᠋ᠠ ᠶᠢᠨ ᠨᠠᠮ ᠤᠨ ᠬᠣᠷᠢᠶᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠢ ᠬᠢᠨᠠᠨ ᠪᠠᠢ᠌ᠴᠠᠭᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠵᠤᠬᠢᠶᠠᠨ ᠪᠠᠢ᠌ᠭᠤᠯᠬᠤ ᠬᠡᠯᠲᠡᠰ ᠦᠨ ᠲᠠᠷᠤᠭ᠎ᠠ ᠰᠦ᠋ᠸᠸ ᠮᠢᠩ ᠢᠦᠢ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠯ᠎ᠠ ᠲᠡᠳ᠋ ᠡᠷᠬᠢᠯᠡᠭ᠍ᠴᠢ ᠵᠢᠴᠢ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠯ᠎ᠠ ᠠᠵᠢᠯ ᠤᠨ ᠵᠦ᠋ᠪᠯᠡᠯ ᠦᠨ ᠬᠠᠷᠢᠭᠤᠴᠠᠯᠭᠠᠳ᠋ᠠᠨ᠂ ᠬᠡᠰᠡᠭ᠌ ᠬᠤᠳ᠋ᠠ ᠶᠢᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠪᠠᠷ᠎ᠠ ᠪᠣᠯᠵᠤ ᠬᠢᠨᠠᠨ ᠪᠠᠢ᠌ᠴᠠᠭᠠᠭᠰᠠᠨ ᠪᠤᠶ‍ᠦ ᠰᠠᠭᠤᠳ᠋ᠠᠯ ᠤᠨ ᠬᠤᠷᠠᠯ ᠳᠤ ᠤᠷᠤᠯᠴᠠᠪᠠ᠃

        
        ᠬᠢᠨᠠᠨ ᠪᠠᠢ᠌ᠴᠠᠭᠠᠬᠤ ᠲᠤᠭᠤᠢ᠌ᠯᠠᠩ ᠤᠨ ᠬᠢᠨ ᠤᠷᠢᠳ ᠬᠣᠵᠢᠳ ᠵᠢᠷᠤᠬᠡ ᠪᠠᠯᠭᠠᠰᠤᠨ ᠤ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠦᠨ ᠶᠦ᠋ᠩ ᠰᠢᠨ ᠲᠤᠰᠬᠤᠨ ᠤ ᠠᠭᠤᠯᠠᠨ ᠦᠶᠡᠷ ᠤᠨ ᠭᠣᠤ ᠰᠤᠪᠠᠭ ᠢ ᠵᠠᠰᠠᠵᠦ ᠪᠠᠢ᠌ᠭ᠎ᠠ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠤᠷ᠂ ᠵᠢᠷᠦᠬᠡ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠮᠠᠯ ᠠᠵᠤ ᠠᠬᠤᠢ ᠶᠢᠨ ᠮᠡᠳ᠋ᠡᠯᠭᠡ ᠶᠢᠨ ᠶᠠᠷᠢᠶᠠᠨ ᠤ ᠲᠠᠪᠴᠠᠩ᠂ ᠯᠦ᠋ᠪᠸᠢ ᠪᠠᠯᠭᠠᠰᠤᠨ ᠤ《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ ᠵᠡᠷᠭᠡ ᠲᠤᠬᠠᠢ ᠶᠢᠨ ᠲᠠᠯᠠᠪᠤᠷ ᠲᠤ ᠬᠥᠷᠴᠦ᠂ ᠭᠤᠤᠯᠳ᠋ᠠᠯᠭ᠎ᠠ ᠲᠡᠶ ᠬᠢᠨᠠᠨ ᠪᠠᠢ᠌ᠴᠠᠭᠠᠬᠤ᠂ ᠲᠠᠰᠢᠷᠠᠮ ᠶᠢᠡᠷ ᠰᠤᠭᠤᠯᠤᠨ ᠪᠠᠢ᠌ᠴᠠᠭᠠᠬᠤ ᠪᠠ ᠭᠡᠷᠡᠴᠢ ᠮᠠᠲ᠋ᠸᠷᠢᠶᠠᠯ ᠢ ᠦᠵᠡᠬᠦ᠂ ᠠᠵᠢᠯ ᠤᠨ ᠲᠠᠨᠢᠯᠴᠠᠭᠤᠯᠭ᠎ᠠ ᠶᠢ ᠰᠤᠨᠤᠰᠬᠤ ᠵᠡᠷᠭᠡ ᠬᠡᠯᠪᠡᠷᠢ ᠪᠡᠷ ᠲᠠᠮᠵᠢᠨ᠂ ᠮᠠᠨ ᠤ ᠬᠣᠰᠢᠭᠤᠨ ᠤ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠢ ᠬᠡᠷᠡᠭ᠍ᠵᠢᠭᠦᠯᠦᠭ᠍ᠰᠡᠨ᠂《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠶᠢᠨ ᠪᠦᠳ᠋ᠦᠭᠡᠨ ᠪᠠᠢ᠌ᠭᠤᠯᠤᠯᠳ᠋ᠠ᠂ ᠲᠦ᠋ᠯᠦᠭᠡᠯᠡᠭ᠍ᠴᠢᠳ ᠦᠨ ᠪᠠᠭ᠎ᠠ ᠲᠤᠭᠤᠢ᠌ᠯᠠᠩ ᠤᠨ ᠠᠵᠢᠯᠯᠠᠭ᠎ᠠ ᠦᠷᠨᠢᠭᠦᠯᠦᠭ᠍ᠰᠡᠨ᠂ ᠠᠷᠠᠳ ᠤᠨ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠵᠡᠷᠭᠡ ᠪᠠᠢ᠌ᠳ᠋ᠠᠯ ᠪᠠ ᠤᠷᠤᠰᠢᠵᠤ ᠪᠠᠢ᠌ᠬᠤ ᠠᠰᠠᠭᠤᠳ᠋ᠠᠯ ᠢ ᠨᠠᠷᠢᠯᠢᠭ ᠤᠢ᠌ᠯᠠᠭᠠᠪᠠ᠃

        
        ᠲᠤᠬᠠᠢ ᠶᠢᠨ ᠲᠠᠯᠠᠪᠤᠷ ᠢ ᠬᠢᠨᠠᠨ ᠪᠠᠢ᠌ᠴᠠᠭᠠᠵᠦ ᠲᠠᠭᠤᠰᠤᠭᠰᠠᠨ ᠤ ᠲᠠᠷᠠᠭ᠎ᠠ᠂ ᠬᠢᠨᠠᠨ ᠪᠠᠢ᠌ᠴᠠᠭᠠᠬᠤ ᠲᠤᠭᠤᠢ᠌ᠯᠠᠩ ᠤᠨ ᠬᠢᠨ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠪᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠦ ᠨᠠᠢ᠌ᠳ᠋ᠠᠪᠤᠷᠢᠵᠢᠭᠤᠯᠤᠭᠰᠠᠨ ᠬᠠᠮᠢᠶ᠎ᠠ ᠪᠦᠬᠦᠢ ᠭᠡᠷᠡᠴᠢ ᠮᠠᠲ᠋ᠸᠷᠢᠶᠠᠯ ᠢ ᠭᠤᠤᠯᠳ᠋ᠠᠯᠭ᠎ᠠ ᠲᠡᠶ ᠪᠠᠢ᠌ᠴᠠᠭᠠᠨ ᠦᠵᠡᠪᠡ᠃ ᠲᠠᠷᠠᠭ᠎ᠠ ᠨᠢ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ᠂ ᠭᠤᠤᠯᠳ᠋ᠠᠯᠭ᠎ᠠ ᠲᠡᠶ ᠬᠢᠨᠠᠨ ᠪᠠᠢ᠌ᠴᠠᠭᠠᠭᠰᠠᠨ ᠠᠭᠤᠯᠭ᠎ᠠ ᠪᠠ ᠤᠷᠤᠰᠢᠵᠤ ᠪᠠᠢ᠌ᠬᠤ ᠠᠰᠠᠭᠤᠳ᠋ᠠᠯ ᠤᠨ ᠲᠤᠭᠤᠷᠢᠨ ᠳᠤ ᠤᠯᠠᠮ ᠨᠢᠭᠡ ᠠᠯᠬᠤᠮ ᠰᠠᠨᠠᠯ ᠶᠢᠡᠨ ᠶᠠᠷᠢᠯᠴᠡᠵᠦ᠂ ᠤᠯᠠᠨ ᠲᠠᠯ᠎ᠠ ᠶᠢᠨ ᠰᠠᠨᠠᠭᠤᠯᠭ᠎ᠠ ᠶᠢ ᠬᠤᠷᠢᠶᠠᠨ ᠠᠪᠤᠭᠰᠠᠨ ᠪᠦᠭᠡᠳ ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠲᠤᠷᠠᠳᠪᠠ᠃ (ᠯᠸᠢ ᠫᠠᠩ)

ᠡᠮᠦᠨᠡᠬᠢ᠄ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠮᠠᠨ ᠤ ᠬᠤᠰᠢᠭᠤᠨ ᠳᠤ ᠢᠷᠡᠵᠦ ᠬᠠᠦᠯᠢ ᠲᠤᠭᠳ᠋ᠠᠭᠠᠬᠤ ᠬᠤᠭᠤᠴᠠᠭᠠᠨ ᠤ ᠪᠠᠢ᠌ᠴᠠᠭᠠᠨ ᠰᠤᠳ᠋ᠤᠯᠤᠯᠳ᠋ᠠ ᠬᠢᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠨᠡᠷ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠢ ᠪᠠᠢ᠌ᠴᠠᠭᠠᠨ ᠰᠤᠳ᠋ᠤᠯᠪᠠ