ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠨᠡᠷ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠢ ᠪᠠᠢ᠌ᠴᠠᠭᠠᠨ ᠰᠤᠳ᠋ᠤᠯᠪᠠ

   5 ᠰᠠᠷ᠎ᠠ ᠶᠢᠨ 23 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠡᠩ ᠵᠸᠨ ᠴᠢᠩ ᠨᠡᠷ ᠤᠷᠢᠳ ᠬᠣᠵᠢᠳ ᠯᠦ᠋ᠪᠸᠢ ᠪᠠᠯᠭᠠᠰᠤ᠂ ᠦᠯᠵᠡᠢ᠌ᠮᠦ᠋ᠷᠡᠨ ᠰᠤᠮᠤ᠂ ᠴᠢᠪᠠᠭᠠᠳ᠋ᠤ ᠰᠤᠮᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠠᠭᠰᠠᠨ ᠪᠦᠭᠡᠳ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠠᠵᠢᠯ ᠢ ᠪᠠᠢ᠌ᠴᠠᠭᠠᠨ ᠰᠤᠳ᠋ᠤᠯᠪᠠ᠃

       
        ᠡᠦ ᠴᠢᠩ ᠬᠠᠢ ᠨᠡᠷ ᠤᠷᠢᠳ ᠬᠣᠵᠢᠳ ᠵᠠᠷᠤᠳ ᠬᠣᠰᠢᠭᠤᠨ ᠤ ᠰᠢᠨ᠎ᠠ ᠤᠢ ᠰᠢᠭᠤᠢ ᠲᠠᠷᠢᠶᠠᠯᠠᠩ ᠤᠨ ᠲᠤᠰᠬᠠᠢ ᠬᠣᠷᠰᠢᠶᠠᠵᠢᠯ ᠤᠨ ᠠᠷᠠᠳ ᠤᠨ ᠲᠦ᠋ᠯᠦᠭᠡᠯᠡᠭ᠍ᠴᠢᠳ ᠦᠨ ᠠᠵᠢᠯ ᠤᠨ ᠲᠠᠰᠤᠭ᠂ ᠮᠤᠤᠠᠤᠠᠬᠢᠨ ᠲᠡᠯᠭᠡᠨ ᠦᠵᠡᠭᠦᠯᠬᠦ ᠲᠢᠩᠭᠢᠮ᠂ ᠦᠯᠵᠡᠢ᠌ᠮᠦ᠋ᠷᠡᠨ ᠰᠤᠷᠭᠠᠭᠤᠯᠢ ᠶᠢᠨ ᠪᠠᠭᠠᠴᠤᠳ ᠤᠨ ᠣᠷᠳ᠋ᠤᠨ ᠤ ᠬᠠᠣᠬᠤᠮᠠᠯ ᠤᠨ ᠠᠩᠭᠢ᠂ ᠴᠠᠭᠠᠨᠨᠠᠭᠤᠷ ᠦᠬᠡᠷ ᠲᠡᠵᠢᠭᠡᠬᠦ ᠬᠣᠷᠰᠢᠶᠠᠵᠢᠯ᠂ ᠵᠣᠷᠢᠭ ᠲᠤᠰᠬᠤᠨ ᠤ ᠠᠷᠠᠳ ᠤᠨ ᠡᠷᠬᠢᠯᠡᠭ᠍ᠰᠡᠨ ᠬᠡᠦᠬᠡᠳ ᠦᠨ ᠴᠡᠴᠡᠷᠯᠢᠭ᠌᠂ ᠯᠢᠦ ᠰᠢᠶᠤᠤ ᠡᠾᠦ᠋ᠢ ᠶᠢᠨ ᠠᠵᠢᠯ ᠤᠨ ᠲᠠᠰᠤᠭ᠂ ᠴᠢᠪᠠᠭᠠᠳ᠋ᠤ ᠰᠤᠮᠤ ᠶᠢᠨ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠦᠨ ᠪᠠᠷᠢᠯᠭ᠎ᠠ ᠶᠢᠨ ᠲᠤᠬᠠᠢ ᠶᠢᠨ ᠲᠠᠯᠠᠪᠤᠷ᠂ ᠴᠢᠪᠠᠭᠠᠳ᠋ᠤ ᠭᠠᠴᠠᠭ᠎ᠠ ᠵᠡᠷᠭᠡ ᠭᠠᠵᠠᠷ ᠲᠤ ᠬᠥᠷᠴᠦ᠂ ᠠᠷᠠᠳ ᠤᠨ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ᠂ ᠠᠵᠤ ᠦᠢᠯᠡᠰ ᠶᠢᠡᠷ ᠦᠨᠳ᠋ᠦᠰᠦᠳ᠋ᠡᠨ ᠦ ᠪᠦᠯᠬᠦᠮᠳ᠋ᠡᠯ ᠲᠠᠪᠰᠢᠯᠳ᠋ᠡ ᠶᠢ ᠡᠭᠦᠳ᠋ᠦᠨ ᠪᠠᠢ᠌ᠭᠤᠯᠬᠤ ᠠᠵᠢᠯ ᠤᠨ ᠲᠤᠮᠲᠠ ᠪᠠᠳ᠋ᠠᠷᠠᠭᠤᠯᠤᠭᠰᠠᠨ ᠦᠢᠯᠡᠳ᠋ᠦᠯ ᠢ ᠬᠦᠳ᠋ᠦᠯᠦᠨ ᠲᠠᠭᠠᠭᠤᠯᠬᠤ ᠪᠠ ᠠᠬᠢᠭᠤᠯᠬᠤ ᠶᠢ ᠨᠠᠷᠢᠯᠢᠭ ᠤᠢ᠌ᠯᠠᠭᠠᠵᠦ᠂ ᠠᠵᠤ ᠦᠢᠯᠡᠰ ᠢ ᠬᠦᠭ᠍ᠵᠢᠭᠦᠯᠬᠦ᠂ ᠪᠤᠳ᠋ᠠᠰ ᠤᠨ ᠪᠣᠰᠤ ᠰᠤᠶᠤᠯ ᠤᠨ ᠥᠪ ᠦᠨ ᠲᠥᠷᠥᠯ ᠵᠦ᠋ᠢᠯ ᠢ ᠤᠯᠠᠮᠵᠢᠯᠡᠨ ᠵᠠᠯᠭᠠᠮᠵᠢᠯᠠᠬᠤ ᠪᠠ ᠬᠠᠮᠠᠭᠠᠯᠠᠬᠤ᠂ ᠤᠷᠤᠰᠢᠨ ᠰᠠᠭᠤᠷᠢᠰᠢᠬᠤ ᠣᠷᠴᠢᠨ ᠲᠤᠭᠤᠷᠢᠨ ᠢ ᠴᠡᠭ᠍ᠴᠡᠯᠡᠨ ᠵᠠᠰᠠᠬᠤ ᠠᠵᠢᠯ᠂ ᠰᠤᠷᠭᠠᠭᠤᠯᠢ ᠶᠢᠨ ᠬᠦᠷᠢᠶᠡᠨ ᠦ ᠠᠮᠤᠷ ᠲᠦ᠋ᠪᠰᠢᠨ ᠦ ᠲᠠᠯ᠎ᠠ ᠪᠠᠷ ᠰᠠᠨᠠᠭᠤᠯᠭ᠎ᠠ ᠰᠤᠨᠤᠰᠤᠬᠰᠡᠨ ᠪᠦᠭᠡᠳ ᠲᠠᠷᠠᠭᠠᠴᠢ ᠶᠢᠨ ᠠᠯᠬᠤᠮ ᠤᠨ ᠠᠵᠢᠯ ᠢ ᠰᠠᠢ᠌ᠳ᠋ᠤᠷ ᠬᠢᠬᠦ ᠲᠤᠬᠠᠢ ᠪᠣᠳ᠋ᠠᠳ᠋ᠠᠢ ᠰᠠᠨᠠᠯ ᠲᠤᠷᠠᠳᠪᠠ᠃

          
        ᠬᠤᠰᠢᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠵᠠᠩ ᠽᠢ ᠰᠢᠦᠸᠠᠢ᠂ ᠽᠸᠦ ᠳ᠋ᠸ ᠮᠢᠨ᠂ ᠯᠢᠦ ᠰᠢᠶᠤᠤ ᠡᠾᠦ᠋ᠢ ᠲᠡᠶ ᠬᠠᠷᠢᠴᠯᠠᠬᠤ ᠦᠶᠡᠰ᠂ ᠡᠦ ᠴᠢᠩ ᠬᠠᠢ ᠡᠴᠡ᠂ ᠠᠷᠠᠳ ᠤᠨ ᠲᠦ᠋ᠯᠦᠭᠡᠯᠡᠭ᠍ᠴᠢ ᠦᠨᠳ᠋ᠦᠰᠦᠨ ᠱᠠᠳ᠋ᠤᠨ ᠤ ᠡᠮᠦᠨ᠎ᠠ ᠹᠷᠤᠨᠲ ᠲᠤ ᠪᠠᠢ᠌ᠵᠦ᠂ ᠬᠦᠬᠦᠷᠭᠡ ᠬᠤᠯᠪᠤᠭᠠᠰᠤ ᠶᠢᠨ ᠦᠢᠯᠡᠳ᠋ᠦᠯ  ᠢᠶᠡᠨ ᠭᠦᠢᠴᠡᠳ ᠪᠠᠳ᠋ᠠᠷᠠᠭᠤᠯᠤᠨ᠂ ᠤᠯᠠᠨ ᠲᠦ᠋ᠮᠡᠨ ᠲᠡᠶ ᠨᠢᠬᠲᠠ ᠬᠠᠷᠢᠯᠴᠠᠵᠦ᠂ ᠨᠡᠢ᠌ᠭᠡᠮ ᠦᠨ ᠪᠠᠢ᠌ᠳ᠋ᠠᠯ ᠠᠷᠠᠳ ᠤᠨ ᠰᠠᠨᠠᠭ᠎ᠠ ᠶᠢ ᠭᠦᠨᠵᠡᠭᠡᠢ ᠤᠢ᠌ᠯᠠᠭᠠᠨ᠂ ᠠᠷᠠᠳ ᠤᠯᠠᠨ ᠤ ᠬᠦᠰᠡᠯ ᠱᠠᠭᠠᠷᠳ᠋ᠠᠯᠭ᠎ᠠ ᠶᠢ ᠲᠤᠰᠬᠠᠬᠤ ᠬᠡᠷᠡᠭ᠍ᠳ᠋ᠡᠢ ᠭᠡᠪᠡ᠃ (ᠯᠸᠢ ᠫᠠᠩ)

ᠡᠮᠦᠨᠡᠬᠢ᠄ ᠬᠤᠳ᠋ᠠ ᠶᠢᠨ ᠨᠠᠮ ᠤᠨ ᠬᠤᠷᠢᠶᠠᠨ ᠤ ᠬᠢᠨᠠᠨ ᠪᠠᠢ᠌ᠴᠠᠭᠠᠬᠤ ᠲᠤᠭᠤᠢ᠌ᠯᠠᠩ ᠮᠠᠨ ᠤ ᠬᠤᠰᠢᠭᠤᠨ ᠳᠤ ᠢᠷᠡᠵᠦ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠢ ᠬᠢᠨᠠᠨ ᠪᠠᠢ᠌ᠴᠠᠭᠠᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠨᠡᠷ ᠬᠤᠰᠢᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠯᠢᠦ ᠰᠢᠶᠤᠤ ᠡᠾᠦ᠋ᠢ ᠶᠢᠨ ᠠᠵᠢᠯ ᠤᠨ ᠲᠠᠰᠤᠭ ᠤᠨ ᠫᠠᠢ᠌ᠰᠠ ᠡᠯᠭᠦᠬᠦ ᠶᠤᠰᠤᠯᠠᠯ ᠳᠤ ᠤᠷᠤᠯᠴᠠᠪᠠ