ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠨᠡᠷ ᠬᠤᠰᠢᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠯᠢᠦ ᠰᠢᠶᠤᠤ ᠡᠾᠦ᠋ᠢ ᠶᠢᠨ ᠠᠵᠢᠯ ᠤᠨ ᠲᠠᠰᠤᠭ ᠤᠨ ᠫᠠᠢ᠌ᠰᠠ ᠡᠯᠭᠦᠬᠦ ᠶᠤᠰᠤᠯᠠᠯ ᠳᠤ ᠤᠷᠤᠯᠴᠠᠪᠠ
5 ᠰᠠᠷ᠎ᠠ ᠶᠢᠨ 23 ᠦ ᠡᠳ᠋ᠦᠷ ᠦᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠡᠩ ᠵᠸᠨ ᠴᠢᠩ ᠨᠡᠷ ᠴᠢᠪᠠᠭᠠᠳ᠋ᠤ ᠰᠤᠮᠤᠨ ᠳᠤ ᠬᠦᠷᠴᠦ ᠬᠣᠰᠢᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠯᠢᠦ ᠰᠢᠶᠤᠤ ᠡᠾᠦ᠋ᠢ ᠶᠢᠨ ᠠᠵᠢᠯ ᠤᠨ ᠲᠠᠰᠤᠭ ᠤᠨ ᠫᠠᠢ᠌ᠰᠠ ᠡᠯᠭᠦᠬᠦ ᠶᠤᠰᠤᠯᠠᠯ ᠳᠤ ᠤᠷᠤᠯᠴᠠᠪᠠ᠃

ᠡᠦ ᠴᠢᠩ ᠬᠠᠢ ᠲᠦ᠋ᠯᠦᠭᠡᠯᠡᠭ᠍ᠴᠢ ᠶᠢᠨ ᠠᠵᠢᠯᠯᠠᠬᠤ ᠲᠠᠰᠤᠭ ᠤᠨ ᠪᠦᠳ᠋ᠦᠭᠡᠨ ᠪᠠᠢ᠌ᠭᠤᠯᠤᠯᠳ᠋ᠠ᠂ ᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯ ᠦᠷᠨᠢᠭᠦᠯᠦᠭ᠍ᠰᠡᠨ ᠵᠡᠷᠭᠡ ᠪᠠᠢ᠌ᠳ᠋ᠠᠯ ᠢ ᠨᠠᠷᠢᠯᠢᠭ ᠤᠢ᠌ᠯᠠᠭᠠᠭᠰᠠᠨ ᠤ ᠲᠠᠷᠠᠭ᠎ᠠ᠂ ᠲᠠᠷᠠᠭᠠᠴᠢ ᠶᠢᠨ ᠠᠯᠬᠤᠮ ᠤᠨ ᠠᠵᠢᠯ ᠦᠷᠨᠢᠭᠦᠯᠬᠦ ᠳ᠋ᠦ ᠰᠠᠨᠠᠯ ᠰᠠᠨᠠᠭᠤᠯᠭ᠎ᠠ ᠲᠤᠷᠠᠳᠴᠦ᠂ ᠲᠦ᠋ᠯᠦᠭᠡᠯᠡᠭ᠍ᠴᠢ ᠶᠢᠨ ᠠᠵᠢᠯᠯᠠᠬᠤ ᠲᠠᠰᠤᠭ ᠢ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠵᠤᠷᠢᠭᠵᠢᠭᠤᠯᠬᠤ᠂ ᠲᠦ᠋ᠯᠦᠭᠡᠯᠡᠭ᠍ᠴᠢᠳ ᠤᠨ ᠦᠢᠯᠡᠳ᠋ᠦᠯ ᠢ ᠪᠠᠳ᠋ᠠᠷᠠᠭᠤᠯᠬᠤ ᠶᠢ ᠠᠬᠢᠭᠤᠯᠬᠤ ᠴᠢᠬᠤᠯᠠ ᠲᠠᠪᠴᠠᠩ ᠪᠣᠯᠭᠠᠨ᠂ ᠠᠵᠢᠯᠯᠠᠭ᠎ᠠ ᠶᠢᠨ ᠠᠷᠭ᠎ᠠ ᠬᠡᠯᠪᠡᠷᠢ ᠶᠢᠨ ᠰᠢᠨ᠎ᠠ ᠶᠢ ᠡᠭᠦᠳᠴᠦ᠂ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠨ᠂ ᠤᠯᠠᠨ ᠲᠦ᠋ᠮᠡᠨ ᠲᠡᠶ ᠬᠠᠷᠢᠯᠴᠠᠬᠤ᠂ ᠤᠯᠠᠨ ᠲᠦ᠋ᠮᠡᠨ ᠳ᠋ᠦ ᠦᠢᠯᠡᠴᠢᠯᠡᠬᠦ ᠲᠠᠪᠴᠠᠩ ᠦᠨ ᠦᠢᠯᠡᠳ᠋ᠦᠯ ᠢ ᠭᠦᠢᠴᠡᠳ ᠪᠠᠳ᠋ᠠᠷᠠᠭᠤᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠪᠠ ᠬᠢᠷᠢ ᠲᠥᠪᠰᠢᠨ ᠢᠶᠡᠨ ᠲᠠᠰᠤᠷᠠᠯ ᠦᠭᠡᠶ ᠲᠡᠭᠡᠭ᠍ᠰᠢᠯᠡᠭᠦᠯᠬᠦ ᠬᠡᠷᠡᠭ᠍ᠲᠡᠢ ᠭᠡᠪᠡ᠃
ᠲᠦ᠋ᠯᠦᠭᠡᠯᠡᠭ᠍ᠴᠢ ᠯᠢᠦ ᠰᠢᠶᠤᠤ ᠡᠾᠦ᠋ᠢ ᠤᠯᠠᠨ ᠲᠦ᠋ᠮᠡᠨ ᠲᠡᠶ ᠨᠡᠩ ᠰᠠᠢ᠌ᠳ᠋ᠤᠷ ᠬᠠᠷᠢᠯᠴᠠᠬᠤ ᠶᠢᠨ ᠲᠥᠯᠦᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯᠯᠠᠭ᠎ᠠ ᠦᠷᠨᠢᠭᠦᠯᠦᠨ᠂ ᠮᠠᠯᠴᠢᠨ ᠲᠠᠷᠢᠶᠠᠴᠢᠨ ᠤᠯᠠᠨ ᠲᠦ᠋ᠮᠡᠨ ᠦ ᠲᠡᠵᠢᠭᠡᠨ ᠦᠷᠡᠵᠢᠭᠦᠯᠬᠦ ᠮᠡᠷᠭᠡᠵᠢᠯ ᠦᠨ ᠲᠤᠷᠰᠢᠯᠭ᠎ᠠ ᠪᠠᠨ ᠰᠤᠯᠢᠯᠴᠠᠬᠤ ᠳᠤ ᠲᠥᠭᠦᠮ ᠦᠵᠡᠭᠦᠯᠵᠦ᠂ ᠦᠪᠡᠷ ᠦᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠮᠣᠩᠭ᠋ᠤᠯ ᠭᠡᠷ ᠲᠤ《ᠨᠢ᠋ᠮᠠ ᠪᠠᠢ᠌ᠬᠤ》ᠪᠠᠷᠢᠮᠵᠢᠶ᠎ᠠ ᠶᠤᠰᠤᠭᠠᠷ ᠲᠦ᠋ᠯᠦᠭᠡᠯᠡᠭ᠍ᠴᠢ ᠶᠢᠨ ᠠᠵᠢᠯᠯᠠᠬᠤ ᠲᠠᠰᠤᠭ ᠪᠠᠢ᠌ᠭᠤᠯᠤᠨ᠂ ᠲᠦ᠋ᠯᠦᠭᠡᠯᠡᠭ᠍ᠴᠢ ᠶᠢᠨ ᠠᠵᠢᠯᠯᠠᠬᠤ ᠲᠠᠰᠤᠭ ᠨᠢ ᠦᠨᠳ᠋ᠦᠰᠦᠨ ᠱᠠᠳ᠋ᠤᠨ ᠳᠤ ᠬᠦᠷᠴᠦ᠂ ᠠᠷᠠᠳ ᠤᠨ ᠰᠠᠨᠠᠭ᠎ᠠ ᠶᠢ ᠴᠠᠭ ᠲᠤᠬᠠᠢ ᠳ᠋ᠤᠨᠢ ᠤᠢ᠌ᠯᠠᠭᠠᠨ᠂ ᠨᠡᠢ᠌ᠭᠡᠮ ᠦᠨ ᠪᠠᠢ᠌ᠳ᠋ᠠᠯ ᠠᠷᠠᠳ ᠤᠨ ᠰᠠᠨᠠᠭ᠎ᠠ ᠶᠢ ᠦᠨᠡᠨᠬᠦ ᠲᠤᠰᠬᠠᠪᠠ᠃ (ᠯᠸᠢ ᠫᠠᠩ)