ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠣᠰᠢᠭᠤᠨ ᠤ ᠵᠠᠰᠠᠮᠠᠯ ᠵᠠᠮ ᠤᠨ ᠪᠦᠳ᠋ᠦᠭᠡᠨ ᠪᠠᠢ᠌ᠭᠤᠯᠤᠯᠳ᠋ᠠ ᠪᠠ ᠠᠷᠠᠴᠢᠯᠡᠨ ᠬᠠᠮᠠᠭᠠᠯᠠᠬᠤ ᠬᠠᠮᠢᠶᠠᠷᠤᠯᠳ᠋ᠠ ᠶᠢᠨ ᠪᠠᠢ᠌ᠳ᠋ᠠᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠪᠡ

5 ᠰᠠᠷ᠎ᠠ ᠶᠢᠨ 23 ᠦ ᠡᠳ᠋ᠦᠷ ᠡᠴᠡ 24 ᠤ ᠡᠳ᠋ᠦᠷ ᠪᠣᠯᠳ᠋ᠠᠯ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠥᠨ ᠡᠾᠦ᠋ᠢ ᠪᠠᠢ᠌ᠴᠠᠭᠠᠨ ᠰᠤᠳ᠋ᠤᠯᠬᠤ ᠲᠤᠭᠤᠢ᠌ᠯᠠᠩ ᠢ ᠲᠠᠭᠠᠭᠤᠯᠤᠨ ᠪᠦᠬᠦ ᠬᠣᠰᠢᠭᠤᠨ ᠤ ᠵᠠᠰᠠᠮᠠᠯ ᠵᠠᠮ ᠤᠨ ᠪᠦᠳ᠋ᠦᠭᠡᠨ ᠪᠠᠢ᠌ᠭᠤᠯᠤᠯᠳ᠋ᠠ᠂ ᠠᠷᠠᠴᠢᠯᠡᠨ ᠬᠠᠮᠠᠭᠠᠯᠠᠬᠤ ᠪᠠ ᠬᠠᠮᠢᠶᠠᠷᠤᠯᠳ᠋ᠠ ᠶᠢᠨ ᠪᠠᠢ᠌ᠳ᠋ᠠᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠵᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠣᠳ᠋ᠠ ᠬᠦᠳ᠋ᠡᠭᠡ ᠶᠢᠨ ᠪᠦᠳ᠋ᠦᠭᠡᠨ ᠪᠠᠢ᠌ᠭᠤᠯᠤᠯᠳ᠋ᠠ ᠪᠠ ᠣᠷᠴᠢᠨ ᠲᠤᠭᠤᠷᠢᠨ ᠤ ᠡᠬᠢ ᠪᠠᠶᠠᠯᠢᠭ ᠤᠨ ᠠᠵᠢᠯ ᠤᠨ ᠵᠦ᠋ᠪᠯᠡᠯ᠂ ᠬᠤᠰᠢᠭᠤᠨ ᠤ ᠠᠷᠠᠳ ᠤᠨ ᠵᠠᠰᠠᠭ ᠤᠨ ᠣᠷᠳ᠋ᠤᠨ ᠤ ᠠᠯᠪᠠᠨ ᠭᠡᠷ᠂ ᠬᠤᠰᠢᠭᠤᠨ ᠤ ᠵᠠᠮ ᠬᠠᠷᠢᠯᠴᠠᠭᠠᠨ ᠤ ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠵᠢᠴᠢ ᠬᠡᠰᠡᠭ᠌ ᠠᠷᠠᠳ ᠤᠨ ᠲᠦ᠋ᠯᠦᠭᠡᠯᠡᠭ᠍ᠴᠢ ᠪᠠᠢ᠌ᠴᠠᠭᠠᠨ ᠰᠤᠳ᠋ᠤᠯᠤᠯᠳ᠋ᠠ ᠳᠤ ᠤᠷᠤᠯᠴᠠᠪᠠ᠃

ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠤᠷᠢᠳ ᠬᠣᠵᠢᠳ ᠯᠦ᠋ᠪᠸᠢ ᠪᠠᠯᠭᠠᠰᠤ᠂ ᠭᠡᠷᠴᠢᠯᠠᠭᠤ ᠰᠤᠮᠤ᠂ ᠲᠤᠯᠤᠲᠤ ᠰᠤᠮᠤ ᠵᠡᠷᠭᠡ ᠰᠤᠮᠤ ᠪᠠᠯᠭᠠᠰᠤ ᠲᠠᠯᠠᠪᠠᠢ ᠳᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠲᠠᠨᠢᠯᠴᠠᠭᠤᠯᠭ᠎ᠠ ᠶᠢ ᠰᠤᠨᠤᠰᠬᠤ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ ᠵᠡᠷᠭᠡ ᠬᠡᠯᠪᠡᠷᠢ ᠪᠡᠷ ᠲᠠᠮᠵᠢᠨ᠂ ᠮᠠᠨ ᠤ ᠬᠣᠰᠢᠭᠤᠨ ᠤ ᠬᠦᠳ᠋ᠡᠭᠡ ᠲᠤᠰᠬᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠭᠡᠮᠵᠢ ᠶᠢᠨ ᠪᠦᠳ᠋ᠦᠭᠡᠨ ᠪᠠᠢ᠌ᠭᠤᠯᠤᠯᠳ᠋ᠠ᠂ ᠵᠠᠰᠠᠮᠠᠯ ᠵᠠᠮ ᠢ ᠡᠪᠳ᠋ᠡᠨ ᠰᠦ᠋ᠢᠳᠭᠡᠭ᠍ᠰᠡᠨ ᠢ ᠰᠡᠯᠪᠢᠨ ᠵᠠᠰᠠᠬᠤ᠂ ᠵᠠᠰᠠᠮᠠᠯ ᠵᠠᠮ ᠢ ᠠᠷᠠᠴᠢᠯᠡᠨ ᠬᠠᠮᠠᠭᠠᠯᠠᠬᠤ ᠬᠠᠷᠢᠭᠤᠴᠠᠯᠭ᠎ᠠ ᠶᠢ ᠨᠠᠢ᠌ᠳ᠋ᠠᠪᠤᠷᠢᠵᠢᠭᠤᠯᠤᠭᠰᠠᠨ᠂ ᠵᠠᠰᠠᠮᠠᠯ ᠵᠠᠮ ᠢ ᠠᠷᠠᠴᠢᠯᠡᠨ ᠬᠠᠮᠠᠭᠠᠯᠠᠬᠤ ᠪᠡᠯᠡ ᠮᠦ᠋ᠩᠭᠦ ᠶᠢ ᠰᠠᠯᠭᠠᠨ ᠦᠭᠭᠦᠭ᠍ᠰᠡᠨ ᠵᠡᠷᠭᠡ ᠪᠠᠢ᠌ᠳ᠋ᠠᠯ ᠢ ᠨᠠᠷᠢᠨ ᠤᠢ᠌ᠯᠠᠭᠠᠭᠰᠠᠨ ᠤ ᠬᠠᠮᠳ᠋ᠤ᠂ ᠤᠳ᠋ᠤᠬᠠᠨ ᠤ ᠤᠷᠤᠰᠢᠵᠤ ᠪᠠᠢ᠌ᠬᠤ ᠠᠰᠠᠭᠤᠳ᠋ᠠᠯ ᠪᠣᠯᠤᠨ ᠵᠠᠰᠠᠮᠠᠯ ᠵᠠᠮ ᠤᠨ ᠪᠦᠳ᠋ᠦᠭᠡᠨ ᠪᠠᠢ᠌ᠭᠤᠯᠤᠯᠳ᠋ᠠ᠂ ᠠᠷᠠᠴᠢᠯᠡᠨ ᠬᠠᠮᠠᠭᠠᠯᠠᠬᠤ ᠪᠠ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠰᠠᠢ᠌ᠳ᠋ᠤᠷ ᠬᠢᠭᠦ ᠲᠠᠯ᠎ᠠ ᠪᠠᠷ ᠪᠤᠳ᠋ᠠᠳ᠋ᠠᠢ ᠰᠠᠨᠠᠯ ᠰᠠᠨᠠᠭᠤᠯᠭ᠎ᠠ ᠲᠤᠷᠠᠳᠪᠠ᠃ (ᠯᠸᠢ ᠫᠠᠩ)