ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠦᠨᠡᠭᠡᠴᠢ ᠰᠤᠮᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠢ ᠪᠠᠢ᠌ᠴᠠᠭᠠᠨ ᠰᠤᠳ᠋ᠤᠯᠪᠠ

   5 ᠰᠠᠷ᠎ᠠ ᠶᠢᠨ 25 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠦᠨᠡᠭᠡᠴᠢ ᠰᠤᠮᠤᠨ ᠳᠤ ᠬᠦᠷᠴᠦ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠭᠤᠤᠯᠳ᠋ᠠᠯᠭ᠎ᠠ ᠲᠡᠶ ᠠᠵᠢᠯ ᠪᠠ ᠠᠷᠠᠳ ᠤᠨ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠪᠠᠢ᠌ᠳ᠋ᠠᠯ ᠤᠨ ᠲᠤᠭᠤᠷᠢᠨ ᠳᠤ ᠪᠠᠢ᠌ᠴᠠᠭᠠᠨ ᠰᠤᠳ᠋ᠤᠯᠪᠠ᠃

       
         ᠵᠠᠩ ᠶᠦ᠋ᠩ ᠴᠢᠶᠠᠩ ᠦᠨᠡᠭᠡᠴᠢ ᠰᠤᠮᠤᠨ ᠤ《ᠠᠷᠠᠳ ᠤᠨ ᠲᠦ᠋ᠯᠦᠭᠡᠯᠡᠭ᠍ᠴᠢᠳ ᠦᠨ ᠭᠡᠷ ᠪᠦᠯᠢ》ᠳ᠋ᠦ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠠᠵᠢᠯ ᠤᠨ ᠲᠠᠨᠢᠯᠴᠠᠭᠤᠯᠭ᠎ᠠ ᠶᠢ ᠰᠤᠨᠤᠰᠬᠤ᠂ ᠰᠠᠭᠤᠳ᠋ᠠᠯ ᠤᠨ ᠬᠤᠷᠠᠯ ᠶᠢᠡᠷ ᠲᠠᠮᠵᠢᠨ ᠵᠦ᠋ᠭᠡᠯᠡᠨ ᠬᠠᠲᠠᠭᠤ ᠲᠤᠨᠤᠭ ᠤᠨ ᠰᠠᠭᠤᠷᠢ ᠲᠦ᠋ᠬᠦᠭᠡᠷᠦᠮᠵᠢ ᠶᠢᠨ ᠪᠦᠳ᠋ᠦᠭᠡᠨ ᠪᠠᠢ᠌ᠭᠤᠯᠤᠯᠳ᠋ᠠ᠂ ᠠᠷᠠᠳ ᠤᠨ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠲᠥᠷᠢᠮ᠂ ᠠᠷᠠᠳ ᠤᠨ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯᠯᠠᠭ᠎ᠠ ᠶᠢᠨ  ᠡᠬᠡ ᠲᠠᠩᠰᠠ᠂ ᠠᠷᠠᠳ ᠤᠨ ᠲᠦ᠋ᠯᠦᠭᠡᠯᠡᠭ᠍ᠴᠢ ᠶᠢᠨ ᠬᠠᠷᠢᠯᠴᠠᠬᠤ ᠦᠷᠲᠡᠭᠡ ᠶᠢᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ ᠢ ᠨᠠᠷᠢᠯᠢᠭ ᠤᠢ᠌ᠯᠠᠭᠠᠭᠰᠠᠨ ᠪᠦᠭᠡᠳ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠢ ᠤᠯᠠᠮ ᠨᠢᠭᠡ ᠠᠯᠬᠤᠮ ᠰᠠᠢ᠌ᠳ᠋ᠤᠷ ᠬᠢᠬᠦ ᠲᠤᠬᠠᠢ ᠰᠠᠨᠠᠭᠤᠯᠭ᠎ᠠ ᠲᠤᠷᠠᠳᠪᠠ᠃
         ᠵᠠᠩ ᠶᠦ᠋ᠩ ᠴᠢᠶᠠᠩ ᠡᠴᠡ᠂《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠶᠢᠨ ᠦᠢᠯᠡᠳ᠋ᠦᠯ ᠢ ᠭᠦᠢᠴᠡᠳ ᠪᠠᠳ᠋ᠠᠷᠠᠭᠤᠯᠤᠨ᠂ ᠰᠤᠩᠭ᠋ᠤᠭᠤᠯᠢ ᠶᠢᠨ ᠠᠷᠠᠳ ᠢ ᠬᠦᠯᠢᠶᠡᠨ ᠠᠪᠬᠤ ᠠᠵᠢᠯ ᠢ ᠰᠠᠢ᠌ᠳ᠋ᠤᠷ ᠦᠷᠨᠢᠭᠦᠯᠵᠦ᠂ ᠤᠯᠠᠨ ᠲᠦ᠋ᠮᠡᠨ ᠦ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠤᠨ᠂ ᠰᠢ᠌ᠳᠪᠦᠷᠢᠯᠡᠭ᠍ᠰᠡᠨ ᠦᠷ᠎ᠠ ᠳ᠋ᠦ᠋ᠩ ᠢ ᠲᠡᠷᠡ ᠲᠠᠷᠤᠢ ᠳ᠋ᠤᠨᠢ ᠬᠠᠷᠢᠭᠤ ᠲᠤᠰᠬᠠᠵᠦ᠂ ᠤᠯᠠᠨ ᠲᠦ᠋ᠮᠡᠨ ᠦ ᠪᠠᠴᠢᠮ ᠲᠥᠪᠡᠭ᠌ ᠬᠦᠰᠡᠯ ᠡᠷᠡᠮᠡᠯᠵᠡᠯ ᠦᠨ ᠠᠰᠠᠭᠤᠳ᠋ᠠᠯ ᠢ ᠰᠢ᠌ᠳᠪᠦᠷᠢᠯᠡᠭᠦ ᠶᠢ ᠠᠬᠢᠭᠤᠯᠬᠤ ᠬᠡᠷᠡᠭ᠍ᠲᠡᠢ᠃ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠶᠢ ᠵᠤᠬᠢᠶᠠᠨ ᠪᠠᠢ᠌ᠭᠤᠯᠵᠦ᠂ ᠵᠢᠱᠢᠶ᠎ᠠ ᠦᠵᠡᠭᠦᠯᠵᠦ ᠬᠦᠳ᠋ᠦᠯᠦᠨ ᠲᠠᠭᠠᠭᠤᠯᠬᠤ ᠦᠢᠯᠡᠳ᠋ᠦᠯ ᠢ ᠪᠠᠳ᠋ᠠᠷᠠᠭᠤᠯᠤᠨ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ᠂ ᠤᠷᠤᠰᠢᠨ ᠰᠠᠭᠤᠷᠢᠰᠢᠬᠤ ᠣᠷᠴᠢᠨ ᠲᠤᠭᠤᠷᠢᠨ ᠢ ᠴᠡᠭ᠍ᠴᠡᠯᠡᠨ ᠵᠠᠰᠠᠬᠤ᠂ ᠬᠤᠳ᠋ᠠᠯᠳ᠋ᠤᠭᠠᠴᠢᠨ ᠤᠷᠢᠵᠦ ᠪᠡᠯᠡ ᠤᠷᠤᠭᠤᠯᠬᠤ᠂ ᠠᠵᠤ ᠦᠢᠯᠡᠰ ᠦᠨ ᠬᠦᠭ᠍ᠵᠢᠯᠳ᠋ᠡ ᠵᠡᠷᠭᠡ ᠭᠤᠤᠯᠳ᠋ᠠᠯᠭ᠎ᠠ ᠲᠡᠶ ᠠᠵᠢᠯ ᠤᠨ ᠬᠦᠷᠢᠶ᠎ᠠ ᠬᠡᠪᠴᠢᠶᠡᠨ ᠤ ᠠᠵᠢᠯ ᠳᠤ ᠢᠳ᠋ᠡᠪᠬᠢᠳ᠋ᠠᠢ ᠤᠷᠤᠯᠴᠠᠵᠦ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠦᠷ᠎ᠠ ᠪᠦᠳ᠋ᠦᠮᠵᠢ ᠶᠢ ᠲᠠᠰᠤᠷᠠᠯᠳ᠋ᠡ ᠦᠭᠡᠶ ᠲᠡᠭᠡᠭ᠍ᠰᠢᠯᠡᠭᠦᠯᠦᠨ᠂ ᠠᠵᠤ ᠠᠬᠤᠢ ᠨᠡᠢ᠌ᠭᠡᠮ ᠦᠨ ᠴᠢᠨᠠᠷ ᠰᠠᠢ᠌ᠲᠠᠢ ᠬᠦᠭ᠍ᠵᠢᠯᠳ᠋ᠡ ᠳ᠋ᠦ ᠠᠷᠠᠳ ᠤᠨ ᠲᠦ᠋ᠯᠦᠭᠡᠯᠡᠭ᠍ᠴᠢᠳ ᠦᠨ ᠬᠦᠴᠦᠨ ᠴᠢᠳ᠋ᠠᠯ ᠶᠢᠡᠨ ᠡᠷᠭᠦᠬᠦ ᠬᠡᠷᠡᠭ᠍ᠲᠡᠢ ᠭᠡᠵᠦ ᠴᠢᠬᠤᠯᠠᠴᠢᠯᠠᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠣᠰᠢᠭᠤᠨ ᠤ ᠵᠠᠰᠠᠮᠠᠯ ᠵᠠᠮ ᠤᠨ ᠪᠦᠳ᠋ᠦᠭᠡᠨ ᠪᠠᠢ᠌ᠭᠤᠯᠤᠯᠳ᠋ᠠ ᠪᠠ ᠠᠷᠠᠴᠢᠯᠡᠨ ᠬᠠᠮᠠᠭᠠᠯᠠᠬᠤ ᠬᠠᠮᠢᠶᠠᠷᠤᠯᠳ᠋ᠠ ᠶᠢᠨ ᠪᠠᠢ᠌ᠳ᠋ᠠᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠦᠨᠳ᠋ᠦᠰᠦᠳ᠋ᠡᠨ ᠦ ᠲᠥᠷᠥ ᠶᠢᠨ ᠪᠤᠳ᠋ᠣᠯᠭ᠎ᠠ ᠬᠠᠦᠯᠢ ᠴᠠᠭᠠᠵᠠ ᠬᠠᠦᠯᠢ ᠲᠤᠭᠳ᠋ᠠᠭᠠᠯ ᠤᠨ ᠮᠡᠳ᠋ᠡᠯᠭᠡ ᠶᠢᠨ ᠤᠷᠤᠯᠳ᠋ᠤᠭᠠᠨ ᠶᠠᠪᠤᠬᠳ᠋ᠠᠭᠤᠯᠪᠠ