ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠦᠨᠳ᠋ᠦᠰᠦᠳ᠋ᠡᠨ ᠦ ᠲᠥᠷᠥ ᠶᠢᠨ ᠪᠤᠳ᠋ᠣᠯᠭ᠎ᠠ ᠬᠠᠦᠯᠢ ᠴᠠᠭᠠᠵᠠ ᠬᠠᠦᠯᠢ ᠲᠤᠭᠳ᠋ᠠᠭᠠᠯ ᠤᠨ ᠮᠡᠳ᠋ᠡᠯᠭᠡ ᠶᠢᠨ ᠤᠷᠤᠯᠳ᠋ᠤᠭᠠᠨ ᠶᠠᠪᠤᠬᠳ᠋ᠠᠭᠤᠯᠪᠠ

       
     5 ᠰᠠᠷ᠎ᠠ ᠶᠢᠨ 26 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠺᠠᠳ᠋ᠷ ᠠᠵᠢᠯᠳ᠋ᠡᠳ ᠢ ᠵᠤᠬᠢᠶᠠᠨ ᠪᠠᠢ᠌ᠭᠤᠯᠵᠦ《ᠲᠤᠮᠳ᠋ᠠᠳ᠋ᠤ ᠶᠢᠨ ᠦᠨᠳ᠋ᠦᠰᠦᠳ᠋ᠡᠨ ᠦ ᠬᠠᠮᠳ᠋ᠤ ᠶᠢᠨ ᠴᠤᠭᠴᠠ ᠶᠢᠨ ᠤᠬᠠᠮᠰᠡᠷ ᠢ ᠪᠠᠲᠤ ᠴᠤᠬᠴᠡᠯᠡᠵᠦ᠂〈ᠠᠨᠠᠷ ᠤᠨ ᠥᠷ᠎ᠠ〉 ᠶᠢᠨ ᠪᠠᠢ᠌ᠭᠤᠯᠭ᠎ᠠ ᠶᠢ ᠡᠭᠦᠳ᠋ᠦᠨ ᠪᠠᠢ᠌ᠭᠤᠯᠬᠤ》ᠪᠡᠷ ᠭᠣᠤᠯ ᠰᠡᠳ᠋ᠦᠪ ᠪᠣᠯᠭᠠᠭᠰᠠᠨ ᠦᠨᠳ᠋ᠦᠰᠦᠳ᠋ᠡᠨ ᠦ ᠲᠥᠷᠥ ᠶᠢᠨ ᠪᠣᠳ᠋ᠤᠯᠭ᠎ᠠ᠂ ᠬᠠᠦᠯᠢ ᠴᠠᠭᠠᠵᠠ ᠬᠠᠦᠯᠢ ᠲᠤᠭᠳ᠋ᠠᠭᠠᠯ ᠤᠨ ᠮᠡᠳ᠋ᠡᠯᠭᠡ ᠶᠢᠨ ᠤᠷᠤᠯᠳ᠋ᠤᠭᠠᠨ ᠶᠠᠪᠤᠬᠳ᠋ᠠᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠥᠨ ᠡᠾᠦ᠋ᠢ ᠠᠵᠢᠯᠯᠠᠭ᠎ᠠ ᠳᠤ ᠰᠠᠭᠠᠭᠳ᠋ᠠᠪᠠ᠃

        
        ᠲᠤᠰ ᠤᠳ᠋ᠠᠭᠠᠨ ᠤ ᠤᠷᠤᠯᠳ᠋ᠤᠭᠠᠨ 4 ᠲᠤᠭᠤᠢ᠌ᠯᠠᠩ ᠬᠤᠪᠢᠶᠠᠵᠦ᠂ 3 ᠭᠤᠬᠴᠤᠭ᠎ᠠ ᠪᠠᠷ ᠶᠠᠪᠤᠭᠳ᠋ᠠᠭᠤᠯᠤᠨ᠂ ᠤᠷᠤᠯᠳ᠋ᠤᠭᠠᠨ ᠡᠮᠬᠢ ᠴᠡᠭ᠍ᠴᠡ ᠲᠡᠶ ᠶᠠᠪᠤᠬᠳ᠋ᠠᠵᠦ᠂ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠬᠦᠷ ᠬᠦᠭ᠍ᠵᠢᠶᠡᠨ ᠶᠢᠡᠷ ᠪᠢᠯᠬᠠᠨ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠺᠠᠳ᠋ᠷ ᠠᠵᠢᠯᠳ᠋ᠡᠨ ᠤ ᠯᠠᠪᠳ᠋ᠠᠭᠤᠨ ᠪᠠᠳ᠋ᠤᠳ᠋ᠠᠢ ᠰᠤᠷᠤᠯᠴᠠᠯᠭ᠎ᠠ ᠶᠢᠨ ᠥᠷ᠎ᠠ ᠪᠦᠳ᠋ᠦᠮᠵᠢ ᠪᠠ ᠰᠠᠢ᠌ᠨ ᠰᠠᠢ᠌ᠬᠠᠨ ᠤᠶᠤᠨ ᠰᠠᠨᠠᠭᠠᠨ ᠤ ᠲᠥᠷᠰᠦ ᠪᠠᠢ᠌ᠳ᠋ᠠᠯ ᠢ ᠭᠦᠢᠴᠡᠳ ᠢᠯᠡᠷᠡᠭᠦᠯᠪᠡ᠃

        
        ᠲᠤᠰ ᠤᠳ᠋ᠠᠭᠠᠨ ᠤ ᠠᠵᠢᠯᠯᠠᠭ᠎ᠠ ᠪᠠᠷ ᠲᠠᠮᠵᠢᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠺᠠᠳ᠋ᠷ ᠠᠵᠢᠯᠳ᠋ᠡᠳ ᠤᠨ ᠨᠠᠮ ᠤᠨ ᠦᠨᠳ᠋ᠦᠰᠦᠳ᠋ᠡᠨ ᠦ ᠲᠥᠷᠥ ᠶᠢᠨ ᠪᠣᠳ᠋ᠤᠯᠭ᠎ᠠ᠂ ᠬᠠᠦᠯᠢ ᠴᠠᠭᠠᠵᠠ ᠬᠠᠦᠯᠢ ᠲᠤᠭᠳ᠋ᠠᠭᠠᠯ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠤᠬᠠᠮᠰᠡᠷᠳ᠋ᠦ ᠴᠢᠨᠠᠷ ᠪᠠ ᠰᠠᠨᠠᠭᠠᠴᠢᠯᠠᠭᠠᠳ᠋ᠤ ᠴᠢᠨᠠᠷ ᠢ ᠪᠦᠳ᠋ᠦᠮᠵᠢᠳ᠋ᠠᠢ ᠲᠡᠭᠡᠭ᠍ᠰᠢᠯᠡᠭᠦᠯᠦᠨ᠂ ᠡᠯ᠎ᠠ ᠦᠨᠳ᠋ᠦᠰᠦᠳ᠋ᠡᠨ ᠦ ᠺᠠᠳ᠋ᠷ ᠤᠨ ᠬᠠᠮᠳ᠋ᠤᠪᠠᠷ ᠠᠵᠢᠯᠯᠠᠬᠤ᠂ ᠬᠠᠮᠳ᠋ᠤᠪᠠᠷ ᠰᠤᠷᠤᠯᠴᠠᠬᠤ᠂ ᠬᠠᠮᠳ᠋ᠤᠪᠠᠷ ᠵᠢᠷᠭᠠᠬᠤ᠂ ᠬᠠᠮᠳ᠋ᠤᠪᠠᠷ ᠡᠳ᠋ᠯᠡᠬᠦ《ᠶᠡᠬᠡ ᠭᠡᠷ ᠪᠦᠯᠢ》 ᠶᠢᠨ ᠤᠬᠠᠮᠰᠡᠷ ᠢ ᠨᠡᠮᠡᠭ᠍ᠳ᠋ᠡᠭᠦᠯᠵᠦ᠂ ᠡᠷᠬᠡ ᠲᠡᠭ᠍ᠰᠢ᠂ ᠪᠦᠯᠬᠦᠮᠳ᠋ᠡᠯ ᠲᠡᠶ᠂ ᠬᠠᠷᠢᠯᠴᠡᠨ ᠬᠠᠪᠰᠤᠷᠤᠯᠴᠠᠬᠰᠠᠨ᠂ ᠡᠯ᠎ᠠ ᠵᠤᠬᠢᠴᠠᠯᠳ᠋ᠡᠢ ᠨᠡᠢ᠌ᠭᠡᠮ ᠵᠢᠷᠤᠮ ᠤᠨ ᠦᠨᠳ᠋ᠦᠰᠦᠳ᠋ᠡᠨ ᠦ ᠬᠠᠷᠢᠴᠠᠭ᠎ᠠ ᠶᠢ ᠪᠡᠬᠢᠵᠢᠭᠦᠯᠦᠨ᠂ ᠪᠣᠳ᠋ᠠᠳ᠋ᠤ ᠠᠵᠢᠯᠯᠠᠭ᠎ᠠ ᠪᠠᠷ ᠶᠢᠡᠨ ᠦᠨᠳ᠋ᠦᠰᠦᠳ᠋ᠡᠨ ᠦ ᠪᠦᠯᠬᠦᠮᠳ᠋ᠡᠯ ᠲᠠᠪᠰᠢᠯᠳ᠋ᠡ ᠶᠢᠨ ᠵᠢᠱᠢᠶ᠎ᠠ ᠦᠵᠡᠭᠦᠯᠬᠦ ᠬᠣᠰᠢᠭᠤ ᠶᠢ ᠡᠭᠦᠳ᠋ᠦᠨ ᠪᠠᠢ᠌ᠭᠤᠯᠬᠤ ᠶᠢ ᠠᠬᠢᠭᠤᠯᠵᠦ᠂ ᠡᠯ᠎ᠠ ᠦᠨᠳ᠋ᠦᠰᠦᠳ᠋ᠡᠨ ᠦ ᠶᠠᠪᠤᠯᠴᠠᠭ᠎ᠠ᠂ ᠰᠤᠯᠢᠯᠴᠠᠭ᠎ᠠ᠂ ᠠᠭᠤᠰᠤᠯᠴᠡᠯ ᠢ ᠠᠬᠢᠭᠤᠯᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠦᠨᠡᠭᠡᠴᠢ ᠰᠤᠮᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠢ ᠪᠠᠢ᠌ᠴᠠᠭᠠᠨ ᠰᠤᠳ᠋ᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠰᠢᠶᠠᠩᠱᠠᠨ ᠪᠠᠯᠭᠠᠰᠤᠨ ᠳᠤ ᠬᠦᠷᠴᠦ ᠠᠵᠢᠯ ᠪᠠᠢ᠌ᠴᠠᠭᠠᠨ ᠰᠤᠳ᠋ᠤᠯᠪᠠ