ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠰᠢᠶᠠᠩᠱᠠᠨ ᠪᠠᠯᠭᠠᠰᠤᠨ ᠳᠤ ᠬᠦᠷᠴᠦ ᠠᠵᠢᠯ ᠪᠠᠢ᠌ᠴᠠᠭᠠᠨ ᠰᠤᠳ᠋ᠤᠯᠪᠠ

       
        5 ᠰᠠᠷ᠎ᠠ ᠶᠢᠨ 29 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠢᠨᠠᠨ ᠪᠠᠢ᠌ᠴᠠᠭᠠᠬᠤ ᠪᠠ ᠬᠠᠦᠯᠢ ᠴᠠᠭᠠᠵᠠ ᠶᠢᠨ ᠠᠵᠢᠯ ᠤᠨ ᠵᠦ᠋ᠪᠯᠡᠯ ᠦᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠢ ᠲᠠᠭᠠᠭᠤᠯᠤᠨ ᠤᠷᠢᠳ ᠬᠣᠵᠢᠳ ᠰᠢᠶᠠᠩᠱᠠᠨ ᠪᠠᠯᠭᠠᠰᠤᠨ ᠤ ᠵᠠᠰᠠᠭ ᠤᠨ ᠣᠷᠳ᠋ᠤᠨ᠂ ᠵᠦ᠋ᠩ ᠰᠢᠩ ᠲᠤᠰᠬᠤᠨ ᠤ ᠲᠦ᠋ᠬᠦᠭᠡᠷᠤᠮᠵᠢᠳ᠋ᠦ ᠲᠠᠷᠢᠶᠠᠯᠠᠩ ᠤᠨ ᠫᠧᠩ ᠰᠠᠷᠠᠪᠴᠢ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠪᠠ ᠠᠷᠠᠳ ᠤᠨ ᠲᠦ᠋ᠯᠦᠭᠡᠯᠡᠭ᠍ᠴᠢ ᠶᠢᠨ ᠬᠦᠳ᠋ᠦᠯᠦᠨ ᠲᠠᠭᠠᠭᠤᠯᠵᠦ ᠡᠭᠦᠳ᠋ᠦᠨ ᠪᠠᠢ᠌ᠭᠤᠯᠤᠭᠰᠠᠨ ᠦᠨᠳ᠋ᠦᠷ ᠺᠠᠯᠼᠳ᠋ᠦ ᠵᠢᠮᠢᠰ ᠦᠨ ᠲᠠᠷᠢᠮᠡᠯ ᠤᠨ ᠰᠠᠭᠤᠷᠢᠨ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠠᠵᠢᠯ ᠤᠨ ᠲᠠᠨᠢᠯᠴᠠᠭᠤᠯᠭ᠎ᠠ ᠶᠢ ᠰᠤᠨᠤᠰᠬᠤ ᠵᠡᠷᠭᠡ ᠬᠡᠯᠪᠡᠷᠢ ᠪᠡᠷ ᠲᠠᠮᠵᠢᠨ᠂ ᠰᠢᠶᠠᠩᠱᠠᠨ ᠪᠠᠯᠭᠠᠰᠤᠨ ᠤ ᠣᠢ᠌ᠷ᠎ᠠ ᠶᠢᠨ ᠬᠤᠭᠤᠴᠠᠭᠠᠨ ᠤ ᠭᠤᠤᠯᠳ᠋ᠠᠯᠭ᠎ᠠ ᠲᠡᠶ ᠲᠥᠷᠥᠯ ᠵᠦ᠋ᠢᠯ ᠦᠨ ᠪᠦᠳ᠋ᠦᠭᠡᠨ ᠪᠠᠢ᠌ᠭᠤᠯᠤᠯᠳ᠋ᠠ ᠶᠢᠨ ᠠᠬᠢᠴᠡ ᠶᠢᠨ ᠪᠠᠢ᠌ᠳ᠋ᠠᠯ ᠪᠠ ᠠᠷᠠᠳ ᠤᠨ ᠲᠦ᠋ᠯᠦᠭᠡᠯᠡᠭ᠍ᠴᠢ ᠶᠢᠨ ᠬᠦᠳ᠋ᠦᠯᠦᠨ ᠲᠠᠭᠠᠭᠤᠯᠵᠦ ᠵᠢᠱᠢᠶ᠎ᠠ ᠦᠵᠡᠭᠦᠯᠬᠦ ᠦᠢᠯᠡᠳ᠋ᠦᠯ ᠢ ᠪᠠᠳ᠋ᠠᠷᠠᠭᠤᠯᠤᠭᠰᠠᠨ ᠪᠠᠢ᠌ᠳ᠋ᠠᠯ ᠢ ᠨᠠᠷᠢᠯᠢᠭ ᠤᠢ᠌ᠯᠠᠭᠠᠪᠠ᠃

       
        ᠵᠠᠩ ᠶᠦ᠋ᠩ ᠴᠢᠶᠠᠩ ᠡᠴᠡ᠂ ᠲᠤᠰ ᠭᠠᠵᠠᠷ ᠤᠷᠤᠨ ᠤ ᠡᠬᠢ ᠪᠠᠶᠠᠯᠢᠭ᠂ ᠭᠠᠵᠠᠷ ᠵᠦ᠋ᠢ ᠶᠢᠨ ᠪᠠᠢ᠌ᠷᠢᠯᠠᠯ᠂ ᠵᠠᠮ ᠬᠠᠷᠢᠯᠴᠠᠭ᠎ᠠ ᠠᠶᠠᠯᠠᠯ ᠵᠡᠷᠭᠡ ᠲᠠᠪᠠᠭᠤᠯᠢᠭ ᠲᠡᠶ ᠤᠶᠠᠯᠳ᠋ᠤᠭᠤᠯᠤᠨ᠂ ᠨᠠᠮ ᠤᠨ ᠬᠤᠷᠢᠶᠠᠨ ᠤ ᠭᠣᠤᠯ ᠠᠵᠢᠯ ᠪᠤᠯᠤᠨ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠥᠷᠦᠯ ᠵᠦ᠋ᠢᠯ ᠳ᠋ᠦ ᠠᠩᠬᠠᠷᠤᠯ ᠶᠢᠡᠨ ᠲᠦ᠋ᠪᠯᠡᠷᠡᠭᠦᠯᠵᠦ᠂ ᠠᠷᠠᠳ ᠤᠨ ᠪᠠᠢ᠌ᠳ᠋ᠠᠯ ᠢ ᠤᠢ᠌ᠯᠠᠭᠠᠨ᠂ ᠠᠷᠠᠳ ᠤᠨ ᠰᠠᠨᠠᠭ᠎ᠠ ᠶᠢ ᠰᠤᠨᠤᠰᠴᠦ᠂ ᠠᠷᠠᠳ ᠤᠨ ᠤᠶᠤᠨ ᠤᠬᠠᠭᠠᠨ ᠢ ᠨᠢᠬᠲᠠᠷᠠᠭᠤᠯᠵᠦ᠂ ᠨᠠᠮ ᠤᠨ ᠤᠳ᠋ᠤᠷᠢᠳ᠋ᠤᠯᠭ᠎ᠠ ᠶᠢ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠦᠬᠦ ᠶᠠᠪᠤᠴᠠ᠂ ᠡᠯ᠎ᠠ ᠲᠠᠯ᠎ᠠ ᠳᠤ ᠲᠤᠭᠤᠰᠢᠯᠠᠭᠤᠯᠤᠨ᠂ ᠨᠠᠮ ᠤᠨ ᠬᠤᠷᠢᠶᠠᠨ ᠤ ᠰᠢ᠌ᠳᠪᠦᠷᠢᠳ᠋ᠦ ᠪᠣᠳ᠋ᠤᠯᠭ᠎ᠠ ᠪᠠᠢ᠌ᠷᠢᠯᠠᠭᠤᠯᠤᠯᠳ᠋ᠠ ᠶᠢ ᠪᠤᠳ᠋ᠠᠳ᠋ᠠᠢ ᠳᠤ ᠨᠠᠢ᠌ᠳ᠋ᠠᠪᠤᠷᠢᠵᠢᠭᠤᠯᠬᠤ ᠶᠢ ᠠᠬᠢᠭᠤᠯᠬᠤ ᠬᠡᠷᠡᠭ᠍ᠲᠡᠢ᠃ ᠠᠷᠠᠳ ᠤᠨ ᠲᠦ᠋ᠯᠦᠭᠡᠯᠡᠭ᠍ᠴᠢᠳ ᠰᠤᠷᠤᠯᠴᠠᠯᠭ᠎ᠠ ᠪᠠᠨ ᠴᠢᠩᠭ᠋ᠠᠳᠬᠠᠨ᠂ ᠲᠤᠰ ᠪᠡᠶ᠎ᠠ ᠶᠢᠨ ᠴᠢᠳ᠋ᠠᠪᠤᠷᠢ ᠪᠠ ᠬᠡᠪ ᠪᠣᠯᠪᠠᠰᠤᠷᠠᠯ ᠶᠢᠡᠨ ᠲᠠᠰᠤᠷᠠᠯᠳ᠋ᠡ ᠦᠭᠡᠶ ᠲᠡᠭᠡᠭ᠍ᠰᠢᠯᠡᠭᠦᠯᠵᠦ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠠᠬᠢᠭᠤᠯᠬᠤ᠂ ᠤᠨᠴᠠᠯᠢᠬᠳ᠋ᠦ ᠲᠠᠷᠢᠶᠠᠯᠠᠩ ᠤᠨ ᠠᠵᠤ ᠦᠢᠯᠡᠰ ᠢ ᠬᠦᠭ᠍ᠵᠢᠭᠦᠯᠬᠦ ᠲᠣᠮᠲᠠ ᠠᠷᠠᠳ ᠤᠨ ᠲᠦ᠋ᠯᠦᠭᠡᠯᠡᠭ᠍ᠴᠢ ᠶᠢᠨ ᠦᠢᠯᠡᠳ᠋ᠦᠯ ᠢ ᠪᠠᠳ᠋ᠠᠷᠠᠭᠤᠯᠦᠨ᠂ ᠲᠤᠰᠬᠤᠨ ᠤ ᠠᠷᠠᠳ ᠢ ᠲᠠᠭᠠᠭᠤᠯᠤᠨ ᠤᠷᠤᠯᠭ᠎ᠠ ᠶᠢ ᠨᠢ ᠨᠡᠮᠡᠭ᠍ᠳ᠋ᠡᠭᠦᠯᠦᠨ ᠪᠠᠶᠠᠵᠢᠭᠤᠯᠵᠦ᠂ ᠠᠵᠤ ᠠᠬᠤᠢ ᠨᠡᠢ᠌ᠭᠡᠮ ᠦᠨ ᠴᠢᠨᠠᠷ ᠰᠠᠢ᠌ᠲᠠᠢ ᠬᠦᠭ᠍ᠵᠢᠯᠳ᠋ᠡ ᠳ᠋ᠦ ᠠᠷᠠᠳ ᠤᠨ ᠲᠦ᠋ᠯᠦᠭᠡᠯᠡᠭ᠍ᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠲᠤᠷᠰᠢᠯᠭ᠎ᠠ ᠪᠠ ᠠᠷᠭ᠎ᠠ ᠪᠠᠷᠢᠯ ᠢ ᠬᠠᠩᠭ᠋ᠠᠬᠤ ᠬᠡᠷᠡᠭ᠍ᠲᠡᠢ ᠭᠡᠵᠦ ᠬᠡᠯᠡᠪᠡ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠦᠨᠳ᠋ᠦᠰᠦᠳ᠋ᠡᠨ ᠦ ᠲᠥᠷᠥ ᠶᠢᠨ ᠪᠤᠳ᠋ᠣᠯᠭ᠎ᠠ ᠬᠠᠦᠯᠢ ᠴᠠᠭᠠᠵᠠ ᠬᠠᠦᠯᠢ ᠲᠤᠭᠳ᠋ᠠᠭᠠᠯ ᠤᠨ ᠮᠡᠳ᠋ᠡᠯᠭᠡ ᠶᠢᠨ ᠤᠷᠤᠯᠳ᠋ᠤᠭᠠᠨ ᠶᠠᠪᠤᠬᠳ᠋ᠠᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠥᠨ ᠡᠾᠦ᠋ᠢ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠢ ᠵᠢᠯᠤᠭᠤᠳᠪᠠ