ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠥᠨ ᠡᠾᠦ᠋ᠢ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠢ ᠵᠢᠯᠤᠭᠤᠳᠪᠠ

       
      5 ᠰᠠᠷ᠎ᠠ ᠶᠢᠨ 31 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠥᠨ ᠡᠾᠦ᠋ᠢ ᠤᠷᠢᠳ ᠬᠣᠵᠢᠳ ᠴᠢᠪᠠᠭᠠᠳ᠋ᠤ ᠰᠤᠮᠤ᠂ ᠦᠯᠵᠡᠢ᠌ᠮᠦ᠋ᠷᠡᠨ ᠰᠤᠮᠤ ᠳᠤ ᠬᠦᠷᠴᠦ᠂ ᠲᠠᠨᠢᠯᠴᠠᠭᠤᠯᠭ᠎ᠠ ᠶᠢ ᠰᠤᠨᠤᠰᠬᠤ᠂ ᠮᠠᠲ᠋ᠸᠷᠢᠶᠠᠯ ᠢ ᠪᠠᠢ᠌ᠴᠠᠭᠠᠨ ᠦᠵᠡᠬᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ ᠵᠡᠷᠭᠡ ᠬᠡᠯᠪᠡᠷᠢ ᠪᠡᠷ ᠲᠠᠮᠵᠢᠨ᠂《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠶᠢᠨ ᠪᠦᠳ᠋ᠦᠭᠡᠨ ᠪᠠᠢ᠌ᠭᠤᠯᠤᠯᠳ᠋ᠠ ᠵᠢᠴᠢ ᠠᠵᠢᠯᠯᠠᠭᠠᠨ᠂ ᠠᠷᠠᠳ ᠤᠨ ᠲᠦ᠋ᠯᠦᠭᠡᠯᠡᠭ᠍ᠴᠢ ᠶᠢᠨ ᠦᠢᠯᠡᠳ᠋ᠦᠯ ᠢ ᠪᠠᠳ᠋ᠠᠷᠠᠭᠤᠯᠤᠭᠰᠠᠨ ᠪᠠ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠰᠢᠨ᠎ᠠ ᠶᠢ ᠡᠭᠦᠳᠬᠦ ᠠᠵᠢᠯ ᠦᠷᠨᠢᠭᠦᠯᠦᠭ᠍ᠰᠡᠨ ᠪᠠᠢ᠌ᠳ᠋ᠠᠯ ᠢ ᠨᠠᠷᠢᠯᠢᠭ ᠤᠢ᠌ᠯᠠᠭᠠᠭᠰᠠᠨ ᠪᠦᠭᠡᠳ ᠲᠠᠷᠠᠭᠠᠴᠢ ᠶᠢᠨ ᠠᠵᠢᠯ ᠢ ᠨᠠᠷᠢᠨ ᠬᠢᠨᠠᠮᠠᠭᠠᠢ ᠰᠠᠢ᠌ᠳ᠋ᠤᠷ ᠬᠢᠬᠦ ᠲᠤᠬᠠᠢ ᠵᠢᠯᠤᠭᠤᠳᠬᠤ ᠴᠢᠨᠠᠷᠲᠠᠢ ᠰᠠᠨᠠᠯ ᠲᠤᠷᠠᠳᠪᠠ᠃

       
        ᠵᠠᠩ ᠴᠥᠨ ᠡᠾᠦ᠋ᠢ ᠡᠴᠡ᠂ ᠠᠷᠠᠳ ᠤᠨ ᠲᠦ᠋ᠯᠦᠭᠡᠯᠡᠭ᠍ᠴᠢᠳ ᠦᠨ ᠰᠤᠷᠤᠯᠴᠠᠯᠭ᠎ᠠ ᠪᠣᠯᠪᠠᠰᠤᠷᠠᠯ ᠢ ᠴᠢᠩᠭ᠋ᠠᠳᠬᠠᠨ᠂ ᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠢᠳ᠋ᠡᠪᠬᠢᠵᠢᠯ ᠪᠠ ᠤᠬᠠᠮᠰᠡᠷᠳ᠋ᠦ ᠴᠢᠨᠠᠷ ᠢ ᠲᠡᠭᠡᠭ᠍ᠰᠢᠯᠡᠭᠦᠯᠬᠦ ᠬᠡᠷᠡᠭ᠍ᠲᠡᠢ᠃《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠶᠢᠨ ᠪᠦᠳ᠋ᠦᠭᠡᠨ ᠪᠠᠢ᠌ᠭᠤᠯᠤᠯᠳ᠋ᠠ᠂ ᠬᠠᠮᠢᠶᠠᠷᠤᠯᠳ᠋ᠠ ᠪᠠ ᠠᠵᠢᠯᠯᠠᠭᠠᠨ ᠢ ᠢᠳ᠋ᠡᠪᠬᠢᠳ᠋ᠠᠢ ᠲᠥᠯᠬᠢᠨ ᠠᠬᠢᠭᠤᠯᠵᠦ᠂《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠶᠢᠨ ᠤᠯᠠᠨ ᠲᠦ᠋ᠮᠡᠨ ᠲᠡᠶ ᠬᠠᠷᠢᠯᠴᠠᠬᠤ ᠬᠦᠭᠦᠷᠭᠡ ᠬᠤᠯᠪᠤᠭᠠᠰᠦ ᠶᠢᠨ ᠦᠢᠯᠡᠳ᠋ᠦᠯ ᠢ ᠭᠦᠢᠴᠡᠳ ᠪᠠᠳ᠋ᠠᠷᠠᠭᠤᠯᠬᠤ ᠬᠡᠷᠡᠭ᠍ᠲᠡᠢ᠃ ᠬᠦᠭ᠍ᠵᠢᠯᠳ᠋ᠡ ᠳ᠋ᠦ ᠦᠢᠯᠡᠴᠢᠯᠡᠬᠦ ᠪᠠ ᠠᠬᠢᠭᠤᠯᠬᠤ ᠶᠢ ᠠᠷᠠᠳ ᠤᠨ ᠲᠦ᠋ᠯᠦᠭᠡᠯᠡᠭ᠍ᠴᠢᠳ ᠢ ᠶᠡᠬᠡ ᠬᠤᠷᠠᠯ ᠤᠨ ᠠᠵᠢᠯ ᠤᠨ ᠭᠤᠣᠯ ᠬᠥᠭ᠌ ᠠᠶᠠᠰ ᠪᠣᠯᠭᠠᠬᠤ ᠶᠢ ᠪᠠᠷᠢᠮᠳ᠋ᠡᠯᠡᠨ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠡᠭᠦᠷᠭᠡ ᠴᠢᠳ᠋ᠠᠪᠬᠢ ᠶᠢᠨ ᠦᠢᠯᠡᠳ᠋ᠦᠯ ᠪᠣᠯᠤᠨ ᠠᠷᠠᠳ ᠤᠨ ᠲᠦ᠋ᠯᠦᠭᠡᠯᠡᠭ᠍ᠴᠢᠳ ᠦᠨ ᠵᠢᠱᠢᠶ᠎ᠠ ᠦᠵᠡᠭᠦᠯᠵᠦ ᠬᠦᠳ᠋ᠦᠯᠦᠨ ᠲᠠᠭᠠᠭᠤᠯᠬᠤ ᠦᠢᠯᠡᠳ᠋ᠦᠯ ᠢ ᠭᠦᠢᠴᠡᠳ ᠪᠠᠳ᠋ᠠᠷᠠᠭᠤᠯᠵᠦ᠂ ᠠᠵᠤ ᠠᠬᠤᠢ ᠨᠡᠢ᠌ᠭᠡᠮ ᠦᠨ ᠴᠢᠨᠠᠷ ᠰᠠᠢ᠌ᠲᠠᠢ ᠬᠦᠭ᠍ᠵᠢᠯᠳ᠋ᠡ ᠳ᠋ᠦ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠦᠴᠦᠨ ᠴᠢᠳ᠋ᠠᠯ ᠶᠢᠡᠨ ᠡᠷᠭᠦᠬᠦ ᠬᠡᠷᠡᠭ᠍ᠳ᠋ᠡᠢ ᠭᠡᠵᠦ ᠬᠡᠯᠡᠪᠡ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠰᠢᠶᠠᠩᠱᠠᠨ ᠪᠠᠯᠭᠠᠰᠤᠨ ᠳᠤ ᠬᠦᠷᠴᠦ ᠠᠵᠢᠯ ᠪᠠᠢ᠌ᠴᠠᠭᠠᠨ ᠰᠤᠳ᠋ᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ《ᠪᠦᠭᠦᠳ᠋ᠡ ᠨᠠᠢ᠌ᠷᠠᠮᠳ᠋ᠠᠬᠤ ᠲᠣᠮᠳ᠋ᠠᠳ᠋ᠤ ᠠᠷᠠᠳ ᠣᠯᠤᠰ ᠤᠨ ᠭᠡᠷ ᠪᠦᠯᠢ ᠶᠢᠨ ᠰᠤᠷᠭᠠᠨ ᠬᠦᠮᠦᠵᠢᠯ ᠢ ᠠᠬᠢᠭᠤᠯᠬᠤ ᠬᠠᠦᠯᠢ 《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠭᠡᠷ ᠪᠦᠯᠢ ᠶᠢᠨ ᠰᠤᠷᠭᠠᠨ ᠬᠦᠮᠦᠵᠢᠯ ᠢ ᠠᠬᠢᠭᠤᠯᠬᠤ ᠲᠥᠷᠢᠮ》 ᠤᠨ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠦᠷᠨᠢᠭᠦᠯᠪᠡ