ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ《ᠪᠦᠭᠦᠳ᠋ᠡ ᠨᠠᠢ᠌ᠷᠠᠮᠳ᠋ᠠᠬᠤ ᠲᠣᠮᠳ᠋ᠠᠳ᠋ᠤ ᠠᠷᠠᠳ ᠣᠯᠤᠰ ᠤᠨ ᠭᠡᠷ ᠪᠦᠯᠢ ᠶᠢᠨ ᠰᠤᠷᠭᠠᠨ ᠬᠦᠮᠦᠵᠢᠯ ᠢ ᠠᠬᠢᠭᠤᠯᠬᠤ ᠬᠠᠦᠯᠢ 《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠭᠡᠷ ᠪᠦᠯᠢ ᠶᠢᠨ ᠰᠤᠷᠭᠠᠨ ᠬᠦᠮᠦᠵᠢᠯ ᠢ ᠠᠬᠢᠭᠤᠯᠬᠤ ᠲᠥᠷᠢᠮ》 ᠤᠨ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠦᠷᠨᠢᠭᠦᠯᠪᠡ

       
        6 ᠰᠠᠷ᠎ᠠ ᠶᠢᠨ 1 ᠦ ᠡᠳ᠋ᠦᠷ ᠡᠴᠡ 2 ᠤ ᠡᠳ᠋ᠦᠷ ᠪᠣᠯᠳ᠋ᠠᠯ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠲᠡᠳ᠋ ᠡᠷᠬᠢᠯᠡᠭ᠍ᠴᠢ ᠶᠡᠩ ᠵᠸᠨ ᠴᠢᠩ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ ᠪᠦᠬᠦ ᠬᠣᠰᠢᠭᠤᠨ ᠤ 《ᠪᠦᠭᠦᠳ᠋ᠡ ᠨᠠᠢ᠌ᠷᠠᠮᠳ᠋ᠠᠬᠤ ᠲᠣᠮᠳ᠋ᠠᠳ᠋ᠤ ᠠᠷᠠᠳ ᠣᠯᠤᠰ ᠤᠨ ᠭᠡᠷ ᠪᠦᠯᠢ ᠶᠢᠨ ᠰᠤᠷᠭᠠᠨ ᠬᠦᠮᠦᠵᠢᠯ ᠢ ᠠᠬᠢᠭᠤᠯᠬᠤ ᠬᠠᠦᠯᠢ》《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠭᠡᠷ ᠪᠦᠯᠢ ᠶᠢᠨ ᠰᠤᠷᠭᠠᠨ ᠬᠦᠮᠦᠵᠢᠯ ᠢ ᠠᠬᠢᠭᠤᠯᠬᠤ ᠲᠥᠷᠢᠮ》(ᠲᠤᠷᠤᠭᠰᠢ 《ᠨᠢᠭᠡ ᠬᠠᠦᠯᠢ ᠨᠢᠭᠡ ᠲᠥᠷᠢᠮ》 ᠭᠡᠵᠦ ᠲᠤᠪᠴᠢᠯᠡᠨ᠎ᠠ) ᠢ ᠲᠤᠭᠤᠰᠢᠯᠠᠭᠤᠯᠤᠨ ᠬᠡᠷᠡᠭ᠍ᠵᠢᠭᠦᠯᠵᠦ ᠪᠠᠢ᠌ᠭ᠎ᠠ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠡᠷᠡᠭᠦᠯ ᠬᠠᠮᠠᠭᠠᠯᠠᠯ ᠤᠨ ᠠᠵᠢᠯ ᠤᠨ ᠵᠦ᠋ᠪᠯᠡᠯ᠂ ᠬᠤᠰᠢᠭᠤᠨ ᠤ ᠵᠠᠰᠠᠭ ᠤᠨ ᠣᠷᠳ᠋ᠤᠨ ᠤ ᠠᠯᠪᠠᠨ ᠭᠡᠷ᠂ ᠯᠦ᠋ᠪᠸᠢ ᠵᠡᠭᠡᠯᠢ ᠭᠤᠳ᠋ᠤᠮᠵᠢ ᠶᠢᠨ ᠨᠠᠮ ᠤᠨ ᠠᠵᠢᠯ ᠤᠨ ᠵᠦ᠋ᠪᠯᠡᠯ ᠦᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠵᠢᠴᠢ ᠬᠣᠰᠢᠭᠤᠨ ᠱᠠᠳ᠋ᠤᠨ ᠤ ᠬᠡᠰᠡᠭ᠌ ᠠᠷᠠᠳ ᠤᠨ ᠲᠦ᠋ᠯᠦᠭᠡᠯᠡᠭ᠍ᠴᠢ ᠪᠠᠢ᠌ᠴᠠᠭᠠᠯᠳ᠋ᠠ ᠳᠤ ᠤᠷᠤᠯᠴᠠᠪᠠ᠃

        
        ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠤᠨ ᠬᠢᠨ ᠤᠷᠢᠳ ᠬᠣᠵᠢᠳ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶ᠎ᠠ᠂ ᠬᠣᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳ᠋ᠦ ᠶᠢᠨ ᠵᠦ᠋ᠪᠯᠡᠯ᠂ ᠬᠤᠰᠢᠭᠤᠨ ᠤ ᠤᠶᠤᠨ ᠤ ᠪᠣᠯᠪᠠᠰᠤᠨ ᠤ ᠪᠠᠢ᠌ᠭᠤᠯᠤᠯᠳ᠋ᠠ ᠶᠢᠨ ᠠᠯᠪᠠᠨ ᠭᠡᠷ᠂ ᠬᠤᠰᠢᠭᠤᠨ ᠤ ᠡᠮᠡᠭ᠍ᠲᠡᠢ᠌ᠴᠦᠳ ᠦᠨ ᠬᠤᠯᠪᠤᠭ᠎ᠠ᠂ ᠬᠤᠰᠢᠭᠤᠨ ᠤ ᠠᠷᠠᠳ ᠤᠨ ᠶᠠᠪᠤᠳ᠋ᠠᠯ ᠤᠨ ᠲᠣᠪᠴᠢᠶ᠎ᠠ ᠪᠤᠯᠤᠨ ᠵᠠᠷᠤᠳ ᠲᠠᠪᠤᠳ᠋ᠤᠭᠠᠷ ᠲᠤᠮᠳ᠋ᠠᠳ᠋ᠤ ᠰᠤᠷᠭᠠᠭᠤᠯᠢ᠂ ᠬᠤᠶᠠᠳ᠋ᠤᠭᠠᠷ ᠬᠡᠦᠬᠡᠳ ᠦᠨ ᠴᠡᠴᠡᠷᠯᠢᠭ᠌᠂ ᠯᠦ᠋ᠪᠸᠢ ᠲᠥᠷᠪᠡᠳ᠋ᠦᠭᠡᠷ ᠰᠤᠷᠭᠠᠭᠤᠯᠢ᠂ ᠬᠤᠰᠢᠭᠤᠨ ᠤ ᠰᠤᠷᠭᠠᠨ ᠬᠦᠮᠦᠵᠢᠯ ᠪᠡᠶ᠎ᠠ ᠲᠠᠮᠢᠷ ᠤᠨ ᠲᠤᠪᠴᠢᠶ᠎ᠠ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠲᠠᠨᠢᠯᠴᠠᠭᠤᠯᠭ᠎ᠠ ᠶᠢ ᠰᠤᠨᠤᠰᠬᠤ᠂ ᠤᠬᠠᠭᠤᠯᠭ᠎ᠠ ᠶᠢᠨ ᠹᠢᠯᠢᠮ ᠦᠵᠡᠬᠦ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠲᠠᠩᠰᠠ ᠮᠠᠲ᠋ᠸᠷᠢᠶᠠᠯ ᠢ ᠪᠠᠢ᠌ᠴᠠᠭᠠᠨ ᠦᠵᠡᠬᠦ ᠵᠡᠷᠭᠡ ᠬᠡᠯᠪᠡᠷᠢ ᠪᠡᠷ ᠲᠠᠮᠵᠢᠨ᠂ ᠪᠦᠬᠦ ᠬᠤᠰᠢᠭᠤᠨ ᠤ《ᠨᠢᠭᠡ ᠬᠠᠦᠯᠢ ᠨᠢᠭᠡ ᠲᠥᠷᠢᠮ》 ᠢ ᠲᠤᠭᠤᠰᠢᠯᠠᠭᠤᠯᠵᠤ ᠬᠡᠷᠡᠭ᠍ᠵᠢᠭᠦᠯᠦᠭ᠍ᠰᠡᠨ᠂ ᠭᠡᠷ ᠪᠦᠯᠢ ᠶᠢᠨ ᠰᠤᠷᠭᠠᠨ ᠬᠦᠮᠦᠵᠢᠯ ᠦᠨ ᠠᠵᠢᠯ ᠤᠨ ᠪᠠᠢ᠌ᠭᠤᠯᠤᠮᠵᠢ ᠶᠢᠨ ᠲᠤᠭᠳ᠋ᠠᠴᠠ ᠶᠢᠨ ᠪᠠᠢ᠌ᠭᠤᠯᠤᠯᠳ᠋ᠠ᠂ ᠭᠡᠷ ᠪᠦᠯᠢ ᠶᠢᠨ ᠰᠤᠷᠭᠠᠨ ᠬᠦᠮᠦᠵᠢᠯ ᠤᠨ ᠵᠢᠯᠤᠭᠤᠳ᠋ᠤᠯᠭ᠎ᠠ ᠦᠢᠯᠡᠴᠢᠯᠡᠭᠡᠨ ᠦ ᠰᠢᠰᠲ᠋ᠸᠮ ᠦᠨ ᠪᠠᠢ᠌ᠭᠤᠯᠤᠯᠳ᠋ᠠ ᠵᠡᠷᠭᠡ ᠪᠠᠢ᠌ᠳ᠋ᠠᠯ ᠢ ᠨᠠᠷᠢᠯᠢᠭ ᠤᠢ᠌ᠯᠠᠭᠠᠪᠠ᠃

        

   ᠲᠤᠬᠠᠢ ᠶᠢᠨ ᠲᠠᠯᠠᠪᠤᠷ ᠢ ᠪᠠᠢ᠌ᠴᠠᠭᠠᠨ ᠲᠠᠭᠠᠰᠤᠭᠰᠠᠨ ᠤ ᠲᠠᠷᠠᠭ᠎ᠠ᠂ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠬᠠᠮᠢᠶ᠎ᠠ ᠪᠦᠬᠦᠢ ᠰᠠᠯᠠᠭ᠎ᠠ ᠮᠦ᠋ᠴᠢᠷ ᠦᠨ ᠬᠠᠷᠢᠭᠤᠴᠠᠯᠭᠠᠳ᠋ᠠᠨ ᠢ ᠴᠤᠭᠯᠠᠭᠤᠯᠤᠨ ᠰᠠᠭᠤᠳ᠋ᠠᠯ ᠤᠨ ᠬᠤᠷᠠᠯ ᠬᠤᠷᠠᠯᠳ᠋ᠤᠭᠤᠯᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳ᠋ᠤᠨ ᠤ ᠪᠦᠬᠦ ᠬᠤᠰᠢᠭᠤᠨ ᠤ《ᠨᠢᠭᠡ ᠬᠠᠦᠯᠢ ᠨᠢᠭᠡ ᠲᠥᠷᠢᠮ》 ᠤᠨ ᠲᠤᠭᠤᠰᠢᠯᠠᠭᠤᠯᠵᠤ ᠬᠡᠷᠡᠭ᠍ᠵᠢᠭᠦᠯᠦᠭ᠍ᠰᠡᠨ ᠪᠠᠢ᠌ᠳ᠋ᠠᠯ ᠤᠨ ᠲᠤᠬᠠᠢ ᠠᠵᠢᠯ ᠤᠨ ᠮᠡᠳ᠋ᠡᠭᠦᠯᠦᠯᠳ᠋ᠡ ᠶᠢ ᠰᠤᠨᠤᠰᠴᠦ᠂《ᠨᠢᠭᠡ ᠬᠠᠦᠯᠢ ᠨᠢᠭᠡ ᠲᠥᠷᠢᠮ》 ᠢ ᠨᠠᠢ᠌ᠳ᠋ᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠤᠭᠤᠷᠢᠨ ᠳᠤ ᠰᠠᠨᠠᠯ ᠶᠢᠡᠨ ᠰᠤᠯᠢᠯᠴᠠᠭᠰᠠᠨ ᠪᠦᠭᠡᠳ ᠡᠯ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠦᠨ ᠠᠵᠢᠯ ᠤᠨ ᠲᠣᠮᠲᠠ ᠲᠤᠯᠭᠠᠷᠠᠭᠰᠠᠨ ᠬᠦᠴᠢᠷᠳ᠋ᠡᠯ ᠪᠠ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠶᠢᠨ ᠲᠣᠮᠲᠠ ᠢᠯᠡᠷᠡᠭᠦᠯᠦᠭ᠍ᠰᠡᠨ ᠠᠰᠠᠭᠤᠳ᠋ᠠᠯ ᠳᠤ ᠴᠢᠭᠯᠡᠭᠦᠯᠦᠨ ᠪᠦᠳ᠋ᠦᠭᠡᠯᠴᠢ ᠴᠢᠨᠠᠷᠲᠠᠢ ᠰᠠᠨᠠᠭᠤᠯᠭ᠎ᠠ ᠲᠤᠷᠠᠳᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠥᠨ ᠡᠾᠦ᠋ᠢ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠢ ᠵᠢᠯᠤᠭᠤᠳᠪᠠ
ᠳᠠᠷᠠᠭᠠᠬᠢ᠄ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ《6·5》 ᠤ ᠲᠡᠯᠡᠬᠡᠢ ᠶᠢᠨ ᠣᠷᠴᠢᠨ ᠲᠤᠭᠤᠷᠢᠨ ᠤ ᠡᠳ᠋ᠦᠷ ᠦᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ