ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠭᠡᠷ ᠪᠦᠯᠢ ᠶᠢᠨ ᠰᠤᠷᠭᠠᠨ ᠬᠦᠮᠦᠵᠢᠯ ᠢ ᠠᠬᠢᠭᠤᠯᠬᠤ ᠬᠠᠦᠯᠢ ᠵᠢᠴᠢ ᠲᠥᠷᠢᠮ ᠢ ᠲᠦ᠋ᠪᠯᠡᠷᠡᠭᠦᠯᠦᠨ ᠰᠤᠷᠤᠯᠴᠠᠪᠠ

6 ᠰᠠᠷ᠎ᠠ ᠶᠢᠨ 2 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠺᠠᠳ᠋ᠷ ᠠᠵᠢᠯᠳ᠋ᠡᠳ ᠢ ᠵᠤᠬᠢᠶᠠᠨ ᠪᠠᠢ᠌ᠭᠤᠯᠵᠦ᠂《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠣᠯᠤᠰ ᠤᠨ ᠭᠡᠷ ᠪᠦᠯᠢ ᠶᠢᠨ ᠰᠤᠷᠭᠠᠨ ᠬᠦᠮᠦᠵᠢᠯ ᠢ ᠠᠬᠢᠭᠤᠯᠬᠤ ᠬᠠᠦᠯᠢ》《ᠦᠪᠦᠷ ᠮᠣᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠭᠡᠷ ᠪᠦᠯᠢ ᠶᠢᠨ ᠰᠤᠷᠭᠠᠨ ᠬᠦᠮᠦᠵᠢᠯ ᠢ ᠠᠬᠢᠭᠤᠯᠬᠤ ᠲᠥᠷᠢᠮ》 ᠢ ᠲᠦ᠋ᠪᠯᠡᠷᠡᠭᠦᠯᠦᠨ ᠰᠤᠷᠤᠯᠴᠠᠪᠠ᠃

ᠬᠤᠷᠠᠯ ᠡᠴᠡ᠂ ᠪᠦᠬᠦ ᠺᠠᠳ᠋ᠷ ᠠᠵᠢᠯᠳ᠋ᠡᠨ ᠤᠯᠤᠰ ᠲᠥᠷᠦ ᠶᠢᠨ ᠵᠤᠭᠰᠤᠴᠠ ᠪᠠᠨ ᠲᠡᠭᠡᠭ᠍ᠰᠢᠯᠡᠭᠦᠯᠦᠨ᠂ ᠭᠡᠷ ᠪᠦᠯᠢ ᠶᠢᠨ ᠰᠤᠷᠭᠠᠨ ᠬᠦᠮᠦᠵᠢᠯ ᠢ ᠠᠬᠢᠭᠤᠯᠬᠤ ᠬᠠᠦᠯᠢ ᠶᠢᠨ ᠲᠤᠭᠤᠰᠢᠯᠠᠭᠤᠯᠤᠨ ᠬᠡᠷᠡᠭ᠍ᠵᠢᠭᠦᠯᠬᠦ ᠶᠢᠨ ᠴᠢᠬᠤᠯᠠ ᠶᠡᠬᠡ ᠠᠴᠢ ᠬᠤᠯᠪᠤᠭᠳ᠋ᠠᠯ ᠢ ᠭᠦᠨᠵᠡᠭᠡᠢ ᠲᠠᠨᠢᠵᠦ᠂ ᠵᠥᠪ ᠤᠨᠤᠪᠴᠢᠳ᠋ᠠᠢ ᠭᠡᠷ ᠪᠦᠯᠢ ᠶᠢᠨ ᠰᠤᠷᠭᠠᠨ ᠬᠦᠮᠦᠵᠢᠯ ᠦᠨ ᠦᠵᠡᠯᠳ᠋ᠡ ᠶᠢ ᠪᠣᠢ ᠪᠣᠯᠭᠠᠨ᠂ ᠭᠡᠷ ᠪᠦᠯᠢ ᠶᠢᠨ ᠰᠤᠷᠭᠠᠨ ᠬᠦᠮᠦᠵᠢᠯ ᠭᠡᠷ ᠦᠨ ᠰᠤᠷᠳ᠋ᠠᠯ ᠤᠨ ᠪᠠᠢ᠌ᠭᠤᠯᠤᠯᠳ᠋ᠠ ᠶᠢ ᠴᠢᠬᠤᠯᠠᠴᠢᠯᠠᠵᠦ᠂ ᠪᠠᠭ᠎ᠠ ᠭᠡᠷ ᠶᠢᠡᠷ ᠤᠯᠠᠨ ᠢ ᠠᠬᠢᠭᠤᠯᠤᠨ᠂ ᠭᠡᠷ ᠪᠦᠯᠢ ᠶᠢᠨ ᠰᠤᠷᠭᠠᠨ ᠬᠦᠮᠦᠵᠢᠯ ᠦᠨ ᠠᠵᠢᠯ ᠤᠨ ᠰᠢᠨᠵᠢᠯᠡᠬᠦ ᠤᠬᠠᠭᠠᠨᠴᠢᠯᠡᠯᠳ᠋ᠡ᠂ ᠵᠢᠷᠤᠮᠵᠢᠯᠳ᠋ᠡ ᠪᠠ ᠬᠠᠦᠯᠢᠵᠢᠯ ᠤᠨ ᠲᠥᠪᠰᠢᠨ ᠢ ᠲᠡᠭᠡᠭ᠍ᠰᠢᠯᠡᠭᠦᠯᠬᠦ ᠬᠡᠷᠡᠭ᠍ᠲᠡᠢ᠃ ᠪᠦᠬᠦ ᠺᠠᠳ᠋ᠷ ᠠᠵᠢᠯᠳ᠋ᠡᠨ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠶᠢᠡᠨ ᠵᠢᠭᠠᠨ ᠰᠤᠷᠭᠠᠬᠤ ᠶᠢ ᠴᠢᠬᠤᠯᠠᠴᠢᠯᠡᠨ᠂ ᠵᠥᠪ ᠤᠨᠤᠪᠴᠢᠳ᠋ᠠᠢ ᠰᠤᠷᠭᠠᠨ ᠬᠦᠮᠦᠵᠢᠯ ᠦᠨ ᠤᠢ᠌ᠯᠠᠭᠠᠭᠳ᠋ᠠᠬᠤᠨ ᠪᠠ ᠠᠷᠭ᠎ᠠ ᠬᠡᠯᠪᠡᠷᠢ ᠶᠢ ᠪᠣᠢ ᠪᠣᠯᠭᠠᠵᠦ᠂ ᠠᠷᠢᠭᠤᠨ ᠴᠢᠭᠡᠴᠢ ᠶᠢ ᠡᠷᠬᠢᠮᠯᠡᠨ᠂ ᠰᠠᠢ᠌ᠨ ᠰᠠᠢ᠌ᠬᠠᠨ ᠶᠣᠰᠣ ᠮᠤᠷᠠᠯ ᠰᠤᠷᠲᠠᠯ ᠢ ᠪᠠᠳ᠋ᠠᠷᠠᠭᠤᠯᠵᠦ᠂ ᠭᠡᠷ ᠪᠦᠯᠢ ᠶᠢᠨ ᠬᠦᠮᠦᠵᠢᠯ ᠳ᠋ᠡᠬᠢ ᠭᠣᠤᠯ ᠴᠤᠭᠴᠠ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠡᠴᠡ ᠪᠠᠨ ᠡᠭᠦᠷᠭᠡᠯᠡᠨ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠲᠡᠶ ᠤᠶᠠᠯᠳ᠋ᠤᠭᠤᠯᠵᠦ᠂ ᠭᠡᠷ ᠪᠦᠯᠢ ᠶᠢᠨ ᠰᠤᠷᠭᠠᠨ ᠬᠦᠮᠦᠵᠢᠯ ᠦᠨ ᠠᠵᠢᠯ ᠢ ᠲᠠᠮᠵᠢᠨ᠂ ᠭᠡᠷ ᠪᠦᠯᠢ ᠶᠢᠨ ᠵᠣᠯ ᠵᠢᠷᠭᠠᠯ ᠪᠠ ᠨᠡᠢ᠌ᠭᠡᠮ ᠦᠨ ᠡᠶ᠎ᠠ ᠵᠤᠬᠢᠴᠠᠯ ᠢ ᠨᠡᠮᠡᠭ᠍ᠳ᠋ᠡᠭᠦᠯᠬᠦ ᠬᠡᠷᠡᠭ᠍ᠲᠡᠢ ᠭᠡᠵᠦ ᠴᠢᠩᠭ᠋ᠠᠳᠬᠠᠪᠠ᠃ (ᠯᠸᠢ ᠫᠠᠩ)