ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ《6·5》 ᠤ ᠲᠡᠯᠡᠬᠡᠢ ᠶᠢᠨ ᠣᠷᠴᠢᠨ ᠲᠤᠭᠤᠷᠢᠨ ᠤ ᠡᠳ᠋ᠦᠷ ᠦᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
6 ᠰᠠᠷ᠎ᠠ ᠶᠢᠨ 5 ᠦ ᠡᠳ᠋ᠦᠷ ᠦᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶ᠎ᠠ ᠪᠤᠯᠤᠨ ᠲᠦ᠋ᠩᠯᠢᠶᠤᠤ ᠬᠤᠳ᠋ᠠ ᠶᠢᠨ ᠠᠮᠢ ᠠᠬᠤᠢ ᠣᠷᠴᠢᠨ ᠲᠤᠭᠤᠷᠢᠨ ᠤ ᠲᠤᠪᠴᠢᠶ᠎ᠠ ᠶᠢᠨ ᠵᠠᠷᠤᠳ ᠬᠣᠰᠢᠭᠤᠨ ᠤ ᠬᠤᠪᠢᠶᠠᠷᠢ ᠲᠤᠪᠴᠢᠶ᠎ᠠ᠂ ᠯᠦ᠋ᠪᠸᠢ ᠵᠡᠭᠡᠯᠢ ᠭᠤᠳ᠋ᠤᠮᠵᠢ᠂ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶ᠎ᠠ᠂ ᠬᠤᠰᠢᠭᠤᠨ ᠤ ᠬᠠᠦᠯᠢ ᠴᠠᠭᠠᠵᠠ ᠶᠢᠨ ᠲᠤᠪᠴᠢᠶ᠎ᠠ ᠵᠡᠷᠭᠡ ᠬᠠᠮᠢᠶ᠎ᠠ ᠪᠦᠬᠦᠢ ᠪᠠᠢ᠌ᠭᠤᠯᠭ᠎ᠠ ᠲᠡᠶ ᠬᠠᠮᠳ᠋ᠤᠪᠠᠷ《ᠬᠦᠮᠦᠨ ᠬᠢᠭᠡᠳ ᠪᠠᠢ᠌ᠭᠠᠯᠢ ᠶᠢᠨ ᠡᠶ᠎ᠠ ᠵᠤᠬᠢᠴᠠᠩᠭ᠋ᠤᠢ ᠪᠠᠷ ᠬᠠᠮᠳ᠋ᠤ ᠤᠷᠤᠰᠢᠬᠤ ᠤᠳ᠋ᠤᠬᠢᠴᠢᠯᠡᠯᠳ᠋ᠡ ᠶᠢ ᠪᠦᠳ᠋ᠦᠭᠡᠨ ᠪᠠᠢ᠌ᠭᠤᠯᠬᠤ》 ᠪᠡᠷ ᠭᠣᠤᠯ ᠰᠡᠳ᠋ᠦᠪ ᠪᠣᠯᠭᠠᠭᠰᠠᠨ ᠲᠡᠯᠡᠬᠡᠢ ᠶᠢᠨ ᠣᠷᠴᠢᠨ ᠲᠤᠭᠤᠷᠢᠨ ᠤ ᠡᠳ᠋ᠦᠷ ᠦᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃

ᠬᠦᠳ᠋ᠡᠯᠭᠡᠭᠡᠨ ᠦ ᠲᠤᠬᠠᠢ ᠶᠢᠨ ᠲᠠᠯᠠᠪᠤᠷ ᠲᠤ᠂ ᠠᠵᠢᠯᠳ᠋ᠡᠳ ᠤᠬᠠᠭᠤᠯᠭ᠎ᠠ ᠶᠢᠨ ᠮᠠᠲ᠋ᠸᠷᠢᠶᠠᠯ᠂ ᠣᠷᠴᠢᠨ ᠲᠤᠭᠤᠷᠢᠨ ᠢ ᠬᠠᠮᠠᠭᠠᠯᠠᠬᠤ ᠤᠭᠤᠲᠠ ᠲᠠᠷᠬᠠᠭᠠᠬᠤ᠂ ᠠᠰᠠᠭᠤᠨ ᠯᠠᠪᠯᠠᠬᠤ ᠴᠡᠭ᠌ ᠲᠤᠬᠢᠷᠠᠭᠤᠯᠬᠤ᠂ ᠲᠥᠷᠥ ᠶᠢᠨ ᠪᠣᠳ᠋ᠤᠯᠭ᠎ᠠ ᠬᠠᠦᠯᠢ ᠲᠤᠭᠳ᠋ᠠᠭᠠᠯ ᠤᠨ ᠠᠰᠠᠭᠤᠳ᠋ᠠᠯ ᠳᠤ ᠲᠠᠢ᠌ᠯᠤᠮᠵᠢ ᠬᠢᠬᠦ ᠵᠡᠷᠭᠡ ᠤᠯᠠᠨ ᠵᠦ᠋ᠢᠯ ᠦᠨ ᠬᠡᠯᠪᠡᠷᠢ ᠪᠡᠷ ᠤᠯᠠᠨ ᠲᠦ᠋ᠮᠡᠨ ᠳ᠋ᠦ 《ᠲᠥᠪ ᠦᠨ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠳ᠋ᠠ ᠶᠢᠨ ᠬᠢᠨᠠᠨ ᠪᠠᠢ᠌ᠴᠠᠭᠠᠬᠤ ᠠᠵᠢᠯ ᠤᠨ ᠲᠤᠭᠳ᠋ᠠᠭᠠᠯ》《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠣᠯᠤᠰ ᠤᠨ ᠣᠷᠴᠢᠨ ᠲᠤᠭᠤᠷᠢᠨ ᠤ ᠬᠠᠮᠠᠭᠠᠯᠠᠯᠳ᠋ᠠ ᠶᠢᠨ ᠬᠠᠦᠯᠢ》 ᠶᠢ ᠲᠦ᠋ᠭᠡᠮᠡᠯᠵᠢᠭᠦᠯᠪᠡ᠃

ᠲᠤᠰ ᠤᠳ᠋ᠠᠭᠠᠨ ᠤ ᠠᠵᠢᠯᠯᠠᠭ᠎ᠠ ᠪᠠᠷ ᠲᠠᠮᠵᠢᠨ᠂ ᠨᠡᠢ᠌ᠭᠡᠮ ᠨᠡᠢ᠌ᠲᠡ ᠶᠢᠨ ᠣᠷᠴᠢᠨ ᠲᠤᠭᠤᠷᠢᠨ ᠢ ᠬᠠᠮᠠᠭᠠᠯᠠᠬᠤ ᠤᠬᠠᠮᠰᠡᠷ ᠢ ᠴᠢᠩᠭ᠋ᠠᠳᠬᠠᠨ᠂ ᠤᠬᠠᠮᠰᠡᠷ ᠡᠴᠡ ᠪᠠᠨ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠭᠴᠢ ᠪᠠ ᠪᠦᠳ᠋ᠦᠭᠡᠨ ᠪᠠᠢ᠌ᠭᠤᠯᠤᠭᠴᠢ ᠪᠤᠯᠵᠦ᠂ ᠤᠯᠠᠨ ᠲᠦ᠋ᠮᠡᠨ ᠢ ᠲᠠᠢ᠌ᠴᠢᠯᠡᠨ᠂ ᠦᠪᠡᠷ ᠦᠨ ᠪᠡᠶ᠎ᠠ ᠡᠴᠡ ᠪᠡᠨ ᠡᠬᠢᠯᠡᠨ ᠬᠢᠵᠦ᠂ ᠪᠠᠭ᠎ᠠ ᠡᠴᠡ ᠡᠬᠢᠯᠡᠨ ᠬᠢᠵᠦ᠂ ᠬᠦᠮᠦᠨ ᠪᠤᠯᠤᠨ ᠪᠠᠢ᠌ᠭᠠᠯᠢ ᠶᠢᠨ ᠡᠶ᠎ᠠ ᠵᠤᠬᠢᠴᠡᠯ ᠲᠡᠶ ᠬᠠᠮᠳ᠋ᠤᠪᠠᠷ ᠤᠷᠤᠰᠢᠬᠤ ᠠᠮᠢ ᠠᠬᠤᠢ ᠣᠷᠴᠢᠨ ᠲᠤᠭᠤᠷᠢᠨ ᠢ ᠪᠠᠢ᠌ᠭᠤᠯᠤᠶ᠎ᠠ ᠭᠡᠪᠡ᠃ (ᠯᠸᠢ ᠫᠠᠩ)