ᠡᠦ ᠴᠢᠩ ᠬᠠᠢ ᠲᠤᠭᠤᠢ᠌ᠯᠠᠩ ᠲᠠᠭᠠᠭᠤᠯᠤᠨ ᠱᠠᠨᠳ᠋ᠦ᠋ᠩ ᠮᠤᠵᠢ ᠶᠢᠨ ᠱᠸᠦ ᠭᠤᠸᠠᠩ᠂ ᠯᠠᠢ ᠰᠢ ᠳ᠋ᠦ ᠬᠦᠷᠴᠦ ᠲᠤᠭᠤᠷᠢᠨ ᠪᠠᠢ᠌ᠴᠠᠭᠠᠪᠠ

6 ᠰᠠᠷ᠎ᠠ ᠶᠢᠨ 4 ᠦ ᠡᠳ᠋ᠦᠷ ᠡᠴᠡ 6 ᠤ ᠡᠳ᠋ᠦᠷ ᠪᠣᠯᠳ᠋ᠠᠯ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠲᠤᠭᠤᠷᠢᠨ ᠪᠠᠢ᠌ᠴᠠᠭᠠᠬᠤ ᠲᠤᠭᠤᠢ᠌ᠯᠠᠩ ᠲᠠᠭᠠᠭᠤᠯᠤᠨ ᠱᠠᠨᠳ᠋ᠦ᠋ᠩ ᠮᠤᠵᠢ ᠶᠢᠨ ᠱᠸᠦ ᠭᠤᠸᠠᠩ ᠬᠤᠳ᠋ᠠ᠂ ᠯᠠᠢ ᠰᠢ ᠬᠤᠳ᠋ᠠ ᠳᠤ ᠬᠦᠷᠴᠦ ᠲᠤᠭᠤᠷᠢᠨ ᠪᠠᠢ᠌ᠴᠠᠭᠠᠵᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠡᠩ ᠵᠸᠨ ᠴᠢᠩ ᠵᠢᠴᠢ ᠬᠡᠰᠡᠭ᠌ ᠠᠷᠠᠳ ᠤᠨ ᠲᠦ᠋ᠯᠦᠭᠡᠯᠡᠭ᠍ᠴᠢᠳ᠂ ᠬᠠᠮᠢᠶ᠎ᠠ ᠪᠦᠬᠦᠢ ᠰᠠᠯᠠᠭ᠎ᠠ ᠮᠦ᠋ᠴᠢᠷ ᠦᠨ ᠬᠠᠷᠢᠭᠤᠴᠠᠯᠭᠠᠳ᠋ᠠᠨ ᠤᠷᠤᠯᠴᠠᠪᠠ᠃

ᠲᠤᠭᠤᠷᠢᠨ ᠪᠠᠢ᠌ᠴᠠᠭᠠᠬᠤ ᠲᠤᠭᠤᠢ᠌ᠯᠠᠩ ᠤᠷᠢᠳ ᠬᠣᠵᠢᠳ ᠱᠸᠦ ᠭᠤᠸᠠᠩ ᠬᠤᠳ᠋ᠠ ᠶᠢᠨ ᠲᠠᠷᠢᠶᠠᠯᠠᠩ ᠤᠨ ᠪᠦᠳ᠋ᠦᠭᠡᠭ᠍ᠳ᠋ᠡᠭᠦᠨ ᠦ ᠪᠠᠷᠠᠭᠠᠨ ᠤ ᠭᠦᠢᠯᠭᠡᠭᠡᠨ ᠦ ᠬᠦᠷᠢᠶᠡᠯᠡᠩ᠂ ᠱᠸᠩ ᠴᠸᠩ ᠵᠡᠭᠡᠯᠢ ᠭᠤᠳ᠋ᠤᠮᠵᠢ ᠶᠢᠨ ᠠᠷᠠᠳ ᠤᠨ ᠲᠦ᠋ᠯᠦᠭᠡᠯᠡᠭ᠍ᠴᠢᠳ ᠦᠨ ᠠᠵᠢᠯᠯᠠᠭᠠᠨ ᠤ ᠲᠥᠪ᠂ ᠱᠸᠦ ᠭᠤᠸᠠᠩ ᠬᠤᠳ᠋ᠠ ᠶᠢᠨ ᠵᠠᠰᠠᠭ ᠤᠨ ᠶᠠᠪᠤᠳ᠋ᠠᠯ ᠤᠨ ᠦᠢᠯᠡᠴᠢᠯᠡᠭᠡᠨ ᠦ ᠲᠥᠪ ᠪᠠ ᠯᠠᠢ ᠰᠢ ᠬᠤᠳ᠋ᠠ ᠶᠢᠨ ᠮᠠ ᠯᠢᠶᠠᠨ ᠵᠤᠸᠠᠩ ᠪᠠᠯᠭᠠᠰᠤᠨ ᠤ ᠸᠠ ᠽᠢ ᠰᠢᠨ ᠲᠤᠰᠬᠤᠨ ᠤ ᠠᠷᠠᠳ ᠤᠨ ᠲᠦ᠋ᠯᠦᠭᠡᠯᠡᠭ᠍ᠴᠢᠳ ᠦᠨ ᠬᠠᠷᠢᠯᠴᠠᠬᠤ ᠥᠷᠳ᠋ᠡᠭᠡ ᠵᠡᠷᠭᠡ ᠭᠠᠵᠠᠷ ᠲᠤ ᠬᠦᠷᠴᠦ᠂ ᠢᠳ᠋ᠡᠰᠢᠨ ᠨᠤᠭᠤᠭ᠎ᠠ ᠶᠢᠨ ᠠᠵᠤ ᠦᠢᠯᠡᠰ ᠤᠨ ᠲᠠᠷᠢᠶᠠᠴᠢᠳ ᠢ ᠬᠠᠪᠰᠤᠷᠤᠨ ᠤᠷᠤᠯᠭ᠎ᠠ ᠶᠢ ᠨᠢ ᠨᠡᠮᠡᠭ᠍ᠳ᠋ᠡᠭᠦᠯᠬᠦ᠂ ᠨᠡᠷᠡᠲᠦ ᠲᠡᠮᠳ᠋ᠡᠭ᠌ ᠢ ᠴᠤᠭᠴᠠᠯᠠᠬᠤ᠂ ᠪᠦᠬᠦ ᠠᠵᠤ ᠦᠢᠯᠡᠰ ᠦᠨ ᠬᠡᠯᠬᠢᠶ᠎ᠠ ᠶᠢ ᠪᠠᠢ᠌ᠭᠤᠯᠬᠤ᠂ ᠡᠯᠸᠺᠲ᠋ᠷᠣᠨ ᠬᠤᠳ᠋ᠠᠯᠳ᠋ᠤᠭᠠᠨ ᠤ ᠶᠠᠪᠤᠳ᠋ᠠᠯ ᠤᠨ ᠠᠷᠠᠯᠵᠢᠶ᠎ᠠ᠂ ᠬᠤᠳ᠋ᠠᠯᠳ᠋ᠤᠭ᠎ᠠ ᠡᠷᠬᠢᠯᠡᠬᠦ ᠣᠷᠴᠢᠨ ᠨᠦ᠋ᠭᠦᠴᠡᠯ ᠢ ᠰᠢᠯᠢᠳ᠋ᠡᠭ᠍ᠵᠢᠭᠦᠯᠬᠦ ᠠᠵᠢᠯ ᠪᠠ ᠠᠷᠠᠳ ᠤᠨ ᠲᠦ᠋ᠯᠦᠭᠡᠯᠡᠭ᠍ᠴᠢ ᠶᠢᠨ ᠭᠣᠤᠯ ᠰᠡᠳ᠋ᠦᠪᠳ᠋ᠦ ᠠᠵᠢᠯᠯᠠᠭ᠎ᠠ ᠦᠷᠨᠢᠭᠦᠯᠬᠦ᠂ ᠠᠷᠠᠳᠴᠢᠯᠡᠯ ᠤᠨ ᠬᠡᠷᠡᠭ᠌ ᠵᠦ᠋ᠪᠯᠡᠬᠦ ᠲᠢᠩᠭᠢᠮ ᠦᠨ ᠲᠠᠪᠴᠠᠩ ᠢ ᠰᠢᠨ᠎ᠠ ᠪᠡᠷ ᠡᠭᠦᠳ᠋ᠦᠨ ᠪᠠᠢ᠌ᠭᠤᠯᠵᠦ᠂ ᠲᠦ᠋ᠯᠦᠭᠡᠯᠡᠭ᠍ᠴᠢᠳ ᠦᠨ ᠲᠤᠰᠬᠠᠢ ᠮᠡᠷᠭᠡᠵᠢᠯ ᠦᠨ ᠲᠠᠪᠠᠭᠤᠯᠢᠭ ᠲᠤ ᠲᠦ᠋ᠰᠢᠭᠯᠡᠨ ᠠᠵᠢᠯᠯᠠᠭᠠᠨ ᠤ ᠲᠠᠰᠤᠭ ᠪᠠᠢ᠌ᠭᠤᠯᠬᠤ ᠵᠡᠷᠭᠡ ᠲᠡᠷᠢᠭᠦᠨ ᠦ ᠲᠤᠷᠰᠢᠯᠭ᠎ᠠ ᠶᠢ ᠨᠠᠷᠢᠨ ᠤᠢ᠌ᠯᠠᠭᠠᠪᠠ᠃ (ᠯᠸᠢ ᠫᠠᠩ)