ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠲᠤᠭᠤᠢ᠌ᠯᠠᠩ ᠲᠠᠭᠠᠭᠤᠯᠤᠨ᠁
ᠡᠦ ᠴᠢᠩ ᠬᠠᠢ ᠲᠤᠭᠤᠢ᠌ᠯᠠᠩ ᠲᠠᠭᠠᠭᠤᠯᠤᠨ ᠴᠢᠩᠳ᠋ᠤᠤ ᠬᠤᠳ᠋ᠠ ᠳᠤ ᠭᠦᠷᠴᠦ ᠲᠤᠭᠤᠷᠢᠨ ᠰᠤᠳ᠋ᠤᠯᠪᠠ

       
      6 ᠰᠠᠷ᠎ᠠ ᠶᠢᠨ 7 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠢ᠌ᠩᠭ᠋ᠤ ᠶᠢᠨ ᠬᠤᠷᠢᠶᠠᠨ ᠤ ᠬᠡᠰᠡᠭ᠌ ᠪᠦᠷᠢᠯᠳ᠋ᠦᠭᠦᠨ ᠭᠡᠰᠢᠭᠦᠨ᠂ ᠠᠷᠠᠳ ᠤᠨ ᠲᠦ᠋ᠯᠦᠭᠡᠯᠡᠭ᠍ᠴᠢᠳ ᠪᠤᠯᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠢ ᠲᠠᠭᠠᠭᠤᠯᠤᠨ ᠱᠠᠨᠳ᠋ᠦ᠋ᠩ ᠮᠤᠵᠢ ᠶᠢᠨ ᠴᠢᠩᠳ᠋ᠤᠤ ᠬᠤᠳ᠋ᠠ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠢ ᠲᠤᠭᠤᠷᠢᠨ ᠰᠤᠷᠤᠯᠴᠠᠪᠠ᠃ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠡᠩ ᠵᠸᠨ ᠴᠢᠩ ᠤᠷᠤᠯᠴᠠᠪᠠ᠃

       
        ᠲᠤᠭᠤᠷᠢᠨ ᠪᠠᠢ᠌ᠴᠠᠭᠠᠬᠤ ᠲᠤᠭᠤᠢ᠌ᠯᠠᠩ ᠤᠷᠢᠳ ᠬᠣᠵᠢᠳ ᠴᠢᠩᠳ᠋ᠤᠤ ᠬᠤᠳ᠋ᠠ ᠶᠢᠨ ᠵᠠᠰᠠᠭ ᠤᠨ ᠣᠷᠳ᠋ᠤᠨ ᠤ ᠦᠢᠯᠡᠴᠢᠯᠡᠭᠡᠨ ᠤ ᠲᠥᠪ᠂ ᠬᠤᠳ᠋ᠠ ᠶᠢᠨ ᠡᠮᠦᠨ᠎ᠠ ᠲᠤᠭᠤᠷᠢᠭ ᠤᠨ ᠵᠠᠰᠠᠭ ᠤᠨ ᠶᠠᠪᠤᠳ᠋ᠠᠯ ᠤᠨ ᠦᠢᠯᠡᠴᠢᠯᠡᠭᠡᠨ ᠤ ᠲᠥᠪ᠂ ᠬᠤᠳ᠋ᠠ ᠶᠢᠨ ᠡᠮᠦᠨ᠎ᠠ ᠲᠣᠭᠤᠷᠢᠭ ᠤᠨ ᠵᠡᠡ ᠱᠠᠨ ᠵᠡᠭᠡᠯᠢ ᠭᠤᠳ᠋ᠤᠮᠵᠢ ᠶᠢᠨ ᠠᠷᠠᠳ ᠤᠨ ᠲᠦ᠋ᠯᠦᠭᠡᠯᠡᠭ᠍ᠴᠢᠳ ᠦᠨ ᠬᠠᠷᠢᠯᠴᠠᠬᠤ ᠥᠷᠳ᠋ᠡᠭᠡ᠂ ᠬᠤᠳ᠋ᠠ ᠶᠢᠨ ᠬᠤᠢ᠌ᠳ᠋ᠤ ᠲᠤᠭᠤᠷᠢᠭ ᠤᠨ ᠯᠦ᠋ᠸᠸ ᠶᠡᠩ ᠵᠠᠮ ᠤᠨ ᠵᠡᠭᠡᠯᠢ ᠭᠤᠳ᠋ᠤᠮᠵᠢ ᠶᠢᠨ ᠬᠠᠢ ᠴᠢᠨ ᠨᠡᠢ᠌ᠭᠡᠮ ᠲᠤᠭᠤᠷᠢᠭ ᠤᠨ ᠨᠠᠮ ᠤᠯᠠᠨ ᠲᠦ᠋ᠮᠡᠨ ᠤ ᠦᠢᠯᠡᠴᠢᠯᠡᠭᠡᠨ ᠦ ᠲᠥᠪ ᠵᠡᠷᠭᠡ ᠭᠠᠵᠠᠷ ᠲᠤ ᠬᠦᠷᠴᠦ᠂ ᠠᠷᠠᠳ ᠤᠨ ᠲᠦ᠋ᠯᠦᠭᠡᠯᠡᠭ᠍ᠴᠢᠳ ᠦᠨ ᠭᠤᠣᠯ ᠴᠤᠭᠴᠠ ᠶᠢᠨ ᠦᠢᠯᠡᠳ᠋ᠦᠯ ᠢ ᠪᠠᠳ᠋ᠠᠷᠠᠭᠤᠯᠬᠤ᠂ ᠲᠥᠪ ᠦᠨ ᠠᠵᠢᠯ ᠤᠨ ᠭᠤᠤᠯᠳ᠋ᠠᠯᠭ᠎ᠠ ᠲᠡᠶ ᠠᠵᠢᠯ ᠳᠤ ᠤᠷᠤᠯᠴᠭᠰᠠᠨ ᠪᠠᠢ᠌ᠳ᠋ᠠᠯ ᠪᠠ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠲᠤᠭᠳ᠋ᠠᠴᠠ ᠶᠢᠨ ᠠᠴᠢᠶᠠᠯᠠᠪᠤᠷᠢ ᠶᠢᠨ ᠰᠢᠨ᠎ᠠ ᠶᠢ ᠡᠭᠦᠳ᠋ᠦᠨ ᠪᠠᠢ᠌ᠭᠤᠯᠬᠤ᠂ ᠠᠷᠠᠳ ᠤᠨ ᠲᠦ᠋ᠯᠦᠭᠡᠯᠡᠭ᠍ᠴᠢᠳ ᠬᠤᠷᠠᠯ ᠲᠡᠭᠦᠰᠦᠭ᠍ᠰᠡᠨ ᠬᠤᠭᠤᠴᠠᠭᠠᠨ ᠳᠤ ᠡᠬᠢ ᠪᠠᠶᠠᠯᠢᠭ ᠤᠨ ᠲᠠᠪᠠᠭᠤᠯᠢᠭ ᠪᠠ ᠬᠦᠬᠦᠷᠭᠡ ᠬᠤᠯᠪᠤᠭᠠᠰᠤ ᠶᠢᠨ ᠦᠢᠯᠡᠳ᠋ᠦᠯ ᠢ ᠨᠡᠩ ᠰᠠᠢ᠌ᠳ᠋ᠤᠷ ᠪᠠᠳ᠋ᠠᠷᠠᠭᠤᠯᠬᠤ᠂ ᠬᠤᠳ᠋ᠠᠯᠳ᠋ᠤᠭ᠎ᠠ ᠡᠷᠬᠢᠯᠡᠬᠦ ᠣᠷᠴᠢᠨ ᠨᠦ᠋ᠭᠦᠴᠡᠯ ᠢ ᠰᠢᠯᠢᠳ᠋ᠡᠭ᠍ᠵᠢᠭᠦᠯᠬᠦ ᠳ᠋ᠦ ᠭᠦᠴᠦᠨ ᠨᠡᠮᠡᠷᠢᠯᠡᠬᠦ᠂ ᠬᠤᠳ᠋ᠠᠯᠳ᠋ᠤᠭᠠᠴᠢᠨ ᠤᠷᠢᠵᠦ ᠪᠡᠯᠡ ᠤᠷᠤᠭᠤᠯᠬᠤ ᠵᠡᠷᠭᠡ ᠲᠠᠯ᠎ᠠ ᠪᠠᠷ ᠬᠢ ᠲᠡᠷᠢᠭᠦᠨ ᠦ ᠲᠣᠷᠰᠢᠯᠭ᠎ᠠ ᠠᠷᠭ᠎ᠠ ᠬᠢᠳ᠋ᠡᠯ ᠢ ᠲᠤᠬᠠᠢ ᠶᠢᠨ ᠲᠠᠯᠠᠪᠤᠷ ᠲᠤᠨᠢ ᠲᠤᠭᠤᠷᠢᠨ ᠪᠠᠢ᠌ᠴᠠᠭᠠᠪᠠ᠃ (ᠯᠸᠢ ᠫᠠᠩ)

ᠡᠮᠦᠨᠡᠬᠢ᠄ ᠡᠦ ᠴᠢᠩ ᠬᠠᠢ ᠲᠤᠭᠤᠢ᠌ᠯᠠᠩ ᠲᠠᠭᠠᠭᠤᠯᠤᠨ ᠱᠠᠨᠳ᠋ᠦ᠋ᠩ ᠮᠤᠵᠢ ᠶᠢᠨ ᠱᠸᠦ ᠭᠤᠸᠠᠩ᠂ ᠯᠠᠢ ᠰᠢ ᠳ᠋ᠦ ᠬᠦᠷᠴᠦ ᠲᠤᠭᠤᠷᠢᠨ ᠪᠠᠢ᠌ᠴᠠᠭᠠᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠭᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠠᠵᠢᠯ ᠬᠢᠨᠠᠨ ᠵᠢᠯᠤᠭᠤᠳᠪᠠ