ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠪᠠ

      6 ᠰᠠᠷ᠎ᠠ ᠶᠢᠨ 9 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠺᠠᠳ᠋ᠷ ᠠᠵᠢᠯᠳ᠋ᠡᠳ ᠢ ᠵᠤᠬᠢᠶᠠᠨ ᠪᠠᠢ᠌ᠭᠤᠯᠵᠦ᠂《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠣᠯᠤᠰ ᠤᠨ ᠪᠦᠬᠦ ᠣᠯᠤᠰ ᠤᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠪᠠ ᠤᠷᠤᠨ ᠨᠣᠲᠤᠭ ᠤᠨ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠬᠠᠦᠯᠢ》《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠣᠯᠤᠰ ᠤᠨ ᠬᠠᠦᠯᠢ ᠲᠤᠭᠳ᠋ᠠᠭᠠᠬᠤ ᠬᠠᠦᠯᠢ (2023 ᠵᠠᠰᠠᠪᠤᠷᠢ ᠤᠷᠤᠭᠤᠯᠤᠭᠰᠠᠨ)》《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ  ᠣᠯᠤᠰ ᠤᠨ ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠵᠤᠬᠢᠶᠠᠨ ᠪᠠᠢ᠌ᠭᠤᠯᠤᠯᠳ᠋ᠠ ᠶᠢᠨ ᠬᠠᠦᠯᠢ》《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠣᠯᠤᠰ ᠤᠨ ᠤᠷᠤᠨ ᠨᠣᠳ᠋ᠤᠭ ᠤᠨ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠪᠠ ᠤᠷᠤᠨ ᠨᠣᠳ᠋ᠤᠭ ᠤᠨ ᠡᠯ᠎ᠠ ᠱᠠᠳ᠋ᠤᠨ ᠤ ᠠᠷᠠᠳ ᠤᠨ ᠵᠠᠰᠠᠭ ᠤᠨ ᠣᠷᠳ᠋ᠤᠨ ᠤ ᠵᠤᠬᠢᠶᠠᠨ ᠪᠠᠢ᠌ᠭᠤᠯᠤᠯᠳ᠋ᠠ ᠶᠢᠨ ᠬᠠᠦᠯᠢ》 ᠶᠢ ᠲᠦ᠋ᠪᠯᠡᠷᠡᠭᠦᠯᠦᠨ ᠰᠤᠷᠤᠯᠴᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠣᠤ ᠯᠦ᠋ᠩ ᠬᠤᠷᠠᠯ ᠳᠤ ᠤᠷᠤᠯᠴᠠᠪᠠ᠃

        

        ᠬᠤᠷᠠᠯ ᠡᠴᠡ᠂ ᠪᠦᠬᠦ ᠺᠠᠳ᠋ᠷ ᠠᠵᠢᠯᠳ᠋ᠡᠨ ᠬᠠᠮᠢᠶ᠎ᠠ ᠪᠦᠬᠦᠢ ᠬᠠᠦᠯᠢ ᠴᠠᠭᠠᠵᠠ ᠬᠠᠦᠯᠢ ᠲᠤᠭᠳ᠋ᠠᠭᠠᠯ ᠪᠠ ᠤᠨᠤᠯ ᠤᠨ ᠲᠤᠬᠠᠢ᠌ᠯᠠᠭᠰᠠᠨ ᠠᠵᠢᠯ ᠤᠨ ᠮᠡᠳ᠋ᠡᠯᠭᠡ ᠶᠢ ᠭᠦᠨᠵᠡᠭᠡᠢ ᠰᠤᠷᠤᠯᠴᠡᠨ ᠡᠵᠡᠮᠰᠢᠵᠦ᠂ ᠬᠠᠦᠯᠢ ᠴᠠᠭᠠᠵᠠ ᠬᠠᠦᠯᠢ ᠲᠤᠭᠳ᠋ᠠᠭᠠᠯ ᠤᠨ ᠴᠢᠬᠤᠯᠠ ᠶᠡᠬᠡ ᠠᠴᠢ ᠬᠣᠯᠪᠤᠭᠳ᠋ᠠᠯ᠂ ᠵᠢᠯᠤᠭᠤᠳᠬᠤ ᠦᠵᠡᠯ ᠰᠠᠨᠠᠭ᠎ᠠ᠂ ᠦᠨᠳ᠋ᠦᠰᠦᠨ ᠵᠠᠷᠴᠢᠮ ᠪᠠ ᠭᠣᠤᠯ ᠠᠭᠤᠯᠭ᠎ᠠ ᠶᠢ ᠭᠦᠨᠵᠡᠭᠡᠢ ᠤᠢ᠌ᠯᠠᠭᠠᠨ᠂ ᠡᠭᠦᠷᠭᠡᠳ᠋ᠦ ᠰᠡᠳᠭᠢᠯᠭᠡ ᠪᠠ ᠬᠠᠷᠢᠭᠤᠴᠠᠯᠭᠠᠳ᠋ᠤ ᠰᠡᠳᠭᠢᠯᠭᠡ ᠪᠡᠨ ᠦᠨᠡᠨᠬᠦ ᠴᠢᠩᠭ᠋ᠠᠳᠬᠠᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠪᠠ ᠠᠵᠢᠯ ᠤᠨ ᠲᠥᠪᠰᠢᠨ ᠢᠶ᠍ᠡᠨ ᠲᠠᠰᠤᠷᠠᠯᠳ᠋ᠡ ᠦᠭᠡᠶ ᠲᠡᠭᠡᠭ᠍ᠰᠢᠯᠡᠭᠦᠯᠬᠦ ᠶᠢᠨ ᠬᠠᠮᠳ᠋ᠤ ᠰᠤᠷᠤᠯᠴᠠᠯᠭ᠎ᠠ ᠶᠢᠨ ᠥᠷ᠎ᠠ ᠪᠦᠳ᠋ᠦᠭᠡᠯ ᠢ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠴᠢᠨᠠᠷ ᠰᠠᠢ᠌ᠲᠠᠢ ᠬᠦᠭ᠍ᠵᠢᠯᠳ᠋ᠡ ᠶᠢ ᠠᠬᠢᠭᠤᠯᠬᠤ ᠪᠣᠳ᠋ᠠᠳ᠋ᠠᠢ ᠠᠵᠢᠯᠯᠠᠭ᠎ᠠ ᠪᠠ ᠪᠣᠳ᠋ᠠᠳ᠋ᠤ ᠥᠷ᠎ᠠ ᠪᠦᠳ᠋ᠦᠮᠵᠢ ᠪᠤᠯᠭᠠᠨ ᠬᠤᠪᠢᠷᠠᠭᠤᠯᠬᠤ ᠬᠡᠷᠡᠭ᠍ᠲᠡᠢ ᠭᠡᠵᠦ ᠱᠠᠭᠠᠷᠳ᠋ᠠᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠭᠡᠷ ᠪᠦᠯᠢ ᠶᠢᠨ ᠰᠤᠷᠭᠠᠨ ᠬᠦᠮᠦᠵᠢᠯ ᠢ ᠠᠬᠢᠭᠤᠯᠬᠤ ᠬᠠᠦᠯᠢ ᠵᠢᠴᠢ ᠲᠥᠷᠢᠮ ᠢ ᠲᠦ᠋ᠪᠯᠡᠷᠡᠭᠦᠯᠦᠨ ᠰᠤᠷᠤᠯᠴᠠᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠮᠸᠩ ᠰᠢᠶᠠᠨ ᠳ᠋ᠦ᠋ᠩ ᠱᠦ᠋ᠵᠢ ᠶᠢᠨ ᠪᠦᠬᠦ ᠬᠤᠳ᠋ᠠ ᠶᠢᠨ ᠰᠢᠨ᠎ᠠ ᠴᠠᠭ ᠥᠶ᠎ᠠ ᠶᠢᠨ ᠪᠤᠯᠪᠠᠰᠤᠨ ᠤ ᠦᠢᠯᠡᠳ᠋ᠦᠯᠭᠡ ᠶᠢᠨ ᠲᠥᠪ ᠦᠨ ᠪᠠᠢ᠌ᠭᠤᠯᠤᠯᠳ᠋ᠠ ᠶᠢᠨ ᠠᠵᠢᠯ ᠤᠨ ᠮᠡᠳ᠋ᠡᠭᠦᠯᠦᠯᠳ᠋ᠡ ᠶᠢᠨ ᠲᠤᠬᠠᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠲᠦ᠋ᠪᠯᠡᠷᠡᠭᠦᠯᠦᠨ ᠰᠤᠷᠤᠯᠴᠠᠪᠠ